ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠲᠡᠳ᠋ ᠲᠠᠷᠤᠭ᠎ᠠ  ᠯᠢᠦ ᠴᠧᠩ ᠮᠢᠨ
ᠨᠡᠶᠢᠲᠡᠯᠡᠭᠰᠡᠨ ᠴᠠᠭ᠄
2020/11/2
W020200820317218077468.jpg
ᠠᠵᠢᠯ ᠤᠨ ᠬᠤᠪᠢᠶᠠᠷᠢ᠄      ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂  ᠬᠤᠲᠠ ᠶᠢᠨ ᠳᠠᠷᠤᠭ᠎ᠠ ᠶᠢ ᠬᠠᠪᠰᠤᠷᠤᠨ ᠪᠠᠶᠢᠭᠠᠯᠢ ᠶᠢᠨ ᠡᠬᠢ ᠪᠠᠶᠠᠯᠢᠭ᠂ ᠶᠡᠷᠦᠩᠬᠡᠶᠢᠯᠡᠭᠰᠡᠨ ᠠᠵᠤ ᠠᠬᠤᠢ᠂ ᠬᠦᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠢᠨᠠᠨ ᠪᠤᠳᠤᠬᠤ᠂  ᠲᠤᠭ᠎ᠠ ᠪᠦᠷᠢᠳᠬᠡᠯ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠬᠤᠲᠠ ᠶᠢᠨ ᠳᠠᠷᠤᠭ᠎ᠠ ᠶᠢ ᠬᠠᠪᠰᠤᠷᠤᠨ ᠤᠯᠤᠰ ᠤᠨ ᠨᠤᠲᠤᠭ ᠲᠡᠪᠢᠰᠭᠡᠷ ᠤᠨ ᠤᠷᠤᠨ ᠵᠠᠢ ᠶᠢᠨ ᠲᠦᠯᠦᠪᠵᠢᠬᠦᠯᠭᠡ ᠶᠢᠨ ᠵᠦᠪᠯᠡᠯ ᠤᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄      ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ︵ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠵᠦᠪᠯᠡᠯ ᠤᠨ ᠠᠯᠪᠠᠨ ᠭᠡᠷ︶᠂ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ᠂  ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠤᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ᠂ ᠪᠡᠭᠡᠵᠢᠩ ᠳᠤ ᠰᠠᠭᠤᠭ᠎ᠠ ᠬᠦᠬᠡᠬᠤᠲᠠ ᠶᠢᠨ ᠵᠠᠰᠠᠭ ᠤᠨ ᠤᠷᠳᠤᠨ ᠤ ᠬᠠᠷᠢᠯᠴᠠᠬᠤ ᠭᠠᠵᠠᠷ᠂ ᠬᠦᠬᠡᠬᠤᠲᠠ ᠶᠢᠨ ᠠᠵᠤ ᠠᠬᠤᠢ ᠮᠡᠷᠭᠡᠵᠢᠯ ᠤᠨ  ᠨᠡᠭᠡᠭᠡᠯᠲᠡ ᠶᠢᠨ ᠲᠣᠭᠤᠷᠢᠭ᠃ᠬᠠᠷᠢᠯᠴᠠᠬᠤ᠄     ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠤᠯᠤᠰ ᠲᠥᠷᠥ ᠶᠢᠨ ᠵᠦᠪᠯᠡᠯᠭᠡᠨ᠂ ᠬᠤᠲᠠ ᠶᠢᠨ ᠬᠢᠨᠠᠨ ᠪᠠᠶᠢᠴᠠᠭᠠᠬᠤ ᠵᠦᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠲᠠᠩᠰᠨ ᠡᠪᠬᠡᠮᠡᠯ ᠤᠨ ᠲᠤᠪᠴᠢᠶ᠎ᠠ᠂ ᠬᠤᠲᠠ ᠶᠢᠨ ᠨᠠᠮ ᠤᠨ ᠰᠤᠷᠭᠠᠭᠤᠯᠢ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂  ᠤᠯᠤᠰ ᠤᠨ ᠲᠤᠭ᠎ᠠ ᠪᠦᠷᠢᠳᠭᠡᠯ ᠤᠨ  ᠲᠣᠪᠴᠢᠶ᠎ᠠ ᠶᠢᠨ ᠬᠦᠬᠡᠬᠤᠲᠠ ᠳᠠᠬᠢ ᠪᠠᠶᠢᠴᠠᠭᠠᠬᠤ ᠠᠩᠭᠢ᠃      ᠬᠤᠲᠠ ᠶᠢᠨ ᠲᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠦᠢᠴᠡᠳᠭᠡᠨ᠎ᠡ᠃ ᠲᠣᠪᠴᠢ ᠨᠠᠮᠳᠠᠷ᠄      ᠯᠢᠦ ᠴᠧᠩ ᠮᠢᠨ᠂ ᠡᠷᠡᠭᠲᠡᠢ᠂ ᠮᠤᠩᠭᠤᠯ ᠦᠨᠳᠦᠰᠦᠳᠡᠨ᠂1968 ᠣᠨ ᠤ12 ᠳ᠋ᠤᠭᠠᠷ ᠰᠠᠷ᠎ᠠ ᠳᠤ ᠲᠦᠷᠦᠪᠡ᠂ ᠵᠢᠩᠭᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠂ ᠤᠳᠤ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠡᠳ᠋ ᠱᠦᠵᠢ᠂ ᠬᠤᠲᠠ ᠶᠢᠨ ᠪᠠᠶᠢᠩᠭᠤ ᠶᠢᠨ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ