ᠰᠢᠨ᠎ᠡ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠷᠠᠴᠢᠨ ᠭᠤᠤ ᠶᠢᠨ ᠭᠤᠤᠯ ᠤᠨ ᠲᠣᠭᠤᠷᠢᠨ ᠳᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/11/20
      ᠰᠢᠨ᠎ᠡ ᠬᠤᠲᠠ ᠲᠣᠭᠤᠷᠢᠭ ᠤᠨ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠢ ᠨᠠᠶᠢᠲᠠᠪᠤᠷᠢᠵᠢᠭᠤᠯᠵᠤ᠂ ᠭᠤᠤᠯ ᠮᠥᠷᠡᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠦᠨᠡᠨᠬᠦ ᠰᠠᠶᠢᠲᠤᠷ ᠬᠢᠬᠦ ᠶᠢᠨ ᠲᠦᠯᠦᠭᠡ᠂ ᠥᠪᠡᠷᠲᠡᠭᠡᠨ ᠵᠠᠰᠠᠬᠤ ᠤᠷᠤᠨ ᠤ ︽2020  ᠤᠨ ᠤ ᠪᠥᠬᠦ ᠲᠤᠭᠤᠷᠢᠭ ᠤᠨ ᠨᠠᠭᠤᠷ ᠭᠤᠣᠯ ᠤᠨ ᠵᠠᠰᠠᠯᠭ᠎ᠠ ᠶᠢᠨ ︿ᠨᠠᠮᠤᠷ ᠤᠨ ᠤᠯᠠᠷᠢᠯ﹀ ᠤᠨ ᠠᠵᠢᠯᠯᠠᠭ᠎ᠠ ᠶᠢᠨ ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 11 ᠳ᠋ᠦ᠋ᠭᠡᠷ ᠰᠠᠷ᠎ᠠ ᠶᠢᠨ 13 ᠤ ᠡᠳᠦᠷ᠂ ᠰᠢᠨ᠎ᠡ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠠᠪᠴᠢᠶ᠎ᠠ ᠶᠢᠨ ᠠᠵᠢᠯᠲᠠᠨ ᠭᠤᠤᠯᠳᠠᠭᠤ ᠬᠤᠭ ᠨᠣᠪᠰᠢ ᠶᠢ ᠬᠠᠶᠠᠵᠤ᠂ ᠤᠪᠤᠭᠠᠯᠠᠬᠤ᠂ ᠬᠠᠶᠢᠷ ᠰᠢᠷᠤᠢ ᠮᠠᠯᠲᠠᠬᠤ᠂ ᠪᠣᠬᠢᠷᠲᠤᠯ ᠭᠠᠳᠠᠭᠰᠢᠯᠠᠭᠤᠯᠬᠤ᠂ ᠠᠭᠤᠷᠬᠠᠶ ᠮᠠᠯᠲᠠᠬᠤ᠂ ᠡᠵᠡᠯᠡᠨ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠲᠣᠭᠤᠷᠢᠨ ᠪᠠᠶᠢᠴᠠᠭᠠᠯᠲᠠ ᠦᠷᠨᠢᠭᠦᠯᠪᠡ᠃ ᠲᠣᠭᠤᠷᠢᠨ ᠪᠠᠶᠢᠴᠠᠭᠠᠬᠤ ᠶᠠᠪᠤᠴᠠ ᠳᠤ ᠬᠠᠷᠠᠴᠢᠨ ᠭᠤᠤ ᠳᠣᠲᠣᠷ᠎ᠠ ᠨᠢᠭᠤᠴᠠ ᠪᠠᠷ ᠬᠤᠯᠠᠭᠠᠶᠢᠯᠠᠨ ᠮᠠᠯᠲᠠᠭᠰᠠᠨ ᠣᠷᠣ ᠮᠥᠷ ᠪᠠᠶᠢᠬᠤ ᠶᠢ ᠣᠯᠵᠤ ᠮᠡᠳᠡᠵᠡᠢ᠃ ᠲᠣᠰ ᠠᠵᠢᠯᠯᠠᠭ᠎ᠠ ᠨᠢ ᠬᠤᠯᠪᠣᠭᠳᠠᠯ ᠪᠥᠬᠦᠶ ᠭᠤᠤᠯ ᠭᠤᠷᠤᠬ᠎ᠠ ᠶᠢᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠬᠦᠨᠳᠦ ᠨᠣᠴᠢᠲᠠᠶ ᠡᠪᠳᠡᠭᠰᠡᠨ ᠪᠠᠶᠢᠨ᠎ᠠ᠃ ᠲᠣᠭᠤᠷᠢᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠴᠢᠩᠭᠢᠰ ᠬᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠨᠢᠭᠡᠴᠡ ᠳᠤ ᠵᠠᠬᠢᠳᠠᠯ ᠢᠶᠠᠷ ᠮᠡᠳᠡᠭᠳᠡᠪᠡ᠃      ᠳᠠᠷᠠᠭ᠎ᠠ ᠠᠯᠬᠤᠮ ᠳᠤ᠂ ᠰᠢᠨ᠎ᠡ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠲᠤᠭᠤᠷᠢᠭ ᠤᠨ ᠭᠤᠤᠯ ᠭᠤᠷᠤᠬ᠎ᠠ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠠᠷᠢᠶ᠎ᠠ ᠲᠤᠭᠤᠷᠢᠭ ᠤᠨ ᠡᠯ᠎ᠡ ᠭᠤᠤᠯ ᠭᠤᠤᠯ ᠵᠠᠮ ᠤᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号