ᠬᠤᠷᠢᠨᠭᠡᠷ ᠰᠢᠶᠠᠨ 2020 ᠣᠨ ᠤ ᠨᠠᠮᠤᠷ ᠡᠪᠦᠯ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/20
     11 ᠳ᠋ᠦ᠋ᠭᠡᠷ ᠰᠠᠷ᠎ᠠ ᠶᠢᠨ 12 ᠤᠨ ᠡᠳᠦᠷ᠂ ᠪᠥᠬᠦ ᠰᠢᠶᠠᠨ ᠤ 2020 ᠣᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ᠃ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠯᠢ ᡁᠢ ᠲᠢᠩ᠂ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠲᠠ ᠶᠢᠨ 2020 ᠣᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠪᠢᠯᠢᠭ ᠤᠨ ᠤᠯᠠᠷᠢᠯ ᠤᠨ ︿ᠠᠷᠪᠠᠨ ᠰᠠᠷ᠎ᠠ ᠶᠢᠨ ᠨᠢᠭᠡᠨ﹀ ᠤ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︽ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠢ ᠵᠥᠷᠢᠴᠡᠨ ᠭᠠᠯ ᠬᠡᠷᠡᠭᠯᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ᠃      ᠭᠦᠸᠧ ᠸᠧᠨ ᠵᠢᠶᠦ᠋ᠨ ᠱᠠᠭᠠᠷᠳᠠᠭᠰᠠᠨ ᠨᠢ᠂ ᠬᠤᠷᠢᠭ᠎ᠠ ᠴᠡᠭ ᠭᠠᠷᠭᠠᠨ᠂ ᠭᠤᠤᠯᠳᠠᠯᠭ᠎ᠠ ᠲᠠᠢ ᠰᠢᠭᠤᠶᠢᠲᠤ ᠣᠷᠣᠨ᠂ ᠠᠮᠢ ᠠᠬᠤᠢ ᠶᠢᠨ ᠢᠨᠵᠧᠨᠧᠷᠢᠩ ᠤᠨ ᠲᠣᠭᠤᠷᠢᠭ ᠤᠨ ᠭᠤᠤᠯ ᠪᠣᠯᠬᠤ ᠣᠷᠣᠵᠤ ᠭᠠᠷᠬᠤ ᠭᠠᠵᠠᠷ ᠲᠤ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠶᠢᠨ ᠬᠤᠷᠢᠭ᠎ᠠ ᠴᠡᠭ ᠲᠣᠬᠢᠷᠠᠭᠤᠯᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠪᠣᠯᠤᠨ ᠬᠥᠮᠦᠰ ᠲᠤ ᠭᠠᠯ ᠰᠡᠷᠭᠡᠶᠢᠯᠡᠬᠦ ᠪᠠᠶᠢᠴᠠᠭᠠᠯᠲᠠ ᠬᠢᠵᠦ᠂ ᠭᠠᠯ ᠰᠡᠷᠭᠡᠶᠢᠯᠡᠯᠲᠡ ᠲᠠᠢ ᠬᠤᠯᠪᠣᠭᠳᠠᠯ ᠦᠭᠡᠢ ᠬᠥᠮᠦᠰ ᠤᠨ ᠣᠷᠣᠬᠤ ᠶᠢ ᠴᠢᠩᠭ᠎ᠠ ᠴᠠᠭᠠᠵᠠᠯᠠᠨ᠎ᠠ︔ ᠭᠤᠣᠯᠳᠠᠯᠭ᠎ᠠ ᠲᠠᠢ ᠣᠷᠣᠨ ᠪᠦᠰᠡ ᠶᠢᠨ ᠭᠤᠣᠯᠳᠠᠯᠭ᠎ᠠ ᠲᠠᠢ ᠬᠠᠮᠢᠶᠠᠷᠤᠯᠲᠠ᠂ ᠨᠠᠮ ᠤᠨ ᠭᠡᠰᠢᠭᠦᠨ᠂ ᠨᠠᠮ ᠳᠤ ᠣᠷᠣᠬᠤ ᠢᠳᠡᠪᠬᠢᠲᠡᠨ᠂ ᠡᠷᠦᠬᠡ ᠶᠢᠨ ᠴᠡᠷᠢᠭ᠂ ᠲᠣᠰᠬᠤᠨ ᠤ ᠠᠷᠠᠳ ᠤᠨ ᠲᠥᠯᠥᠭᠡᠯᠡᠭᠴᠢ ᠵᠡᠷᠭᠡ ᠬᠥᠮᠦᠰ ᠢ ᠰᠣᠩᠭᠤᠨ ᠭᠠᠷᠭᠠᠵᠤ᠂ ᠪᠤᠯᠠᠰᠢᠨ ᠭᠠᠵᠠᠷ ᠢ ᠳᠠᠭᠠᠭᠠᠴᠢᠯᠠᠭᠤᠯᠬᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠲᠣᠳᠣᠷᠬᠠᠶ ᠪᠣᠯᠭᠠᠬᠤ ᠳᠦᠷᠢᠮ ᠢ ᠪᠠᠶᠢᠭᠤᠯᠤᠨ᠎ᠠ︔ ᠴᠢᠩᠭ᠎ᠠ ᠵᠠᠬᠢᠷᠤᠨ ᠬᠠᠮᠢᠶᠠᠷᠴᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠭᠰᠠᠨ᠂ ᠡᠰᠢ ᠰᠦᠷᠡᠯ ᠰᠢᠲᠠᠭᠠᠭᠰᠠᠨ ᠠᠴᠠ ᠪᠣᠯᠵᠤ ᠡᠪᠡᠰᠦ ᠮᠣᠳᠣ ᠭᠠᠯ ᠭᠠᠷᠣᠭᠰᠠᠨ ᠪᠣᠯ ᠬᠠᠤᠯᠢ ᠶᠣᠰᠣᠭᠠᠷ ᠬᠦᠨᠳᠦ ᠪᠥᠭᠡᠳ ᠲᠦᠷᠭᠡᠨ ᠰᠢᠢᠳᠪᠦᠷᠢᠯᠡᠬᠦ ᠬᠡᠷᠡᠭᠲᠡᠶ᠃ ᠬᠠᠤᠯᠢ ᠶᠣᠰᠣᠭᠠᠷ ᠭᠠᠯ ᠵᠠᠰᠠᠬᠤ ᠰᠦᠷᠳᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠹᠢᠯᠢᠮ ᠵᠣᠬᠢᠶᠠᠵᠤ᠂ ᠮᠣᠳᠣ ᠲᠠᠷᠢᠬᠤ᠂ ᠰᠣᠷᠭᠤᠭ ᠴᠡᠴᠡᠭ᠂ ᠣᠩᠭᠤᠨ ᠱᠦᠭᠦᠷᠳᠡᠬᠦ ᠵᠡᠷᠭᠡ ᠬᠡᠯᠪᠡᠷᠢ ᠪᠠᠷ ᠳᠡᠭᠡᠳᠦᠰ ᠢᠶᠠᠨ ᠲᠠᠬᠢᠬᠤ ᠶᠢ ᠰᠠᠨᠠᠭᠠᠴᠢᠯᠠᠵᠤ᠂ ᠬᠥᠳᠡᠭᠡ ᠲᠣᠰᠬᠤᠨ ᠤ ᠴᠠᠭᠠᠰᠤ ᠰᠢᠲᠠᠭᠠᠬᠤ᠂ ᠴᠠᠭᠠᠰᠤᠨ ᠪᠠᠷᠠᠭ᠎ᠠ ᠵᠡᠷᠭᠡ ᠲᠠᠬᠢᠯᠭ᠎ᠠ ᠶᠢᠨ ᠬᠡᠷᠡᠭᠰᠡᠯ ᠡᠵᠡᠩᠨᠡᠬᠦ ᠭᠠᠵᠠᠷ ᠭᠦᠨᠵᠡᠭᠡᠶᠢᠷᠡᠨ᠂ ᠤᠷᠢᠳᠴᠢᠯᠠᠨ ᠡᠷᠦᠬᠡ ᠳᠠᠷᠠᠭᠠᠯᠠᠨ ᠮᠡᠳᠡᠭᠳᠡᠵᠦ᠂ ᠬᠤᠳᠠᠯᠳᠤᠬᠤ ᠲᠤᠭ᠎ᠠ ᠬᠡᠮᠵᠢᠶ᠎ᠡ ᠶᠢ ᠪᠠᠭᠠᠰᠬᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠨ᠎ᠡ︔ ᠤᠬᠠᠭᠤᠯᠭ᠎ᠠ ᠪᠠᠨ ᠴᠢᠩᠭᠠᠳᠬᠠᠵᠤ᠂ ᠬᠤᠷᠢᠨᠭᠡᠷ ᠰᠢᠶᠠᠨ ᠤ ︽ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠠᠯᠪᠠᠨ ᠵᠠᠷ︾ ᠢ ᠤᠬᠠᠭᠤᠯᠬᠤ ᠬᠠᠭᠤᠳᠠᠰᠤ ᠪᠣᠯᠭᠠᠨ ᠳᠠᠷᠤᠮᠠᠯᠯᠠᠵᠤ᠂ ᠰᠢᠶᠠᠩ ᠪᠠᠯᠭᠠᠰᠤ ᠠᠴᠠ ᠪᠣᠳᠠᠲᠠᠶ ᠨᠠᠭᠠᠵᠤ᠂ ᠡᠷᠦᠬᠡ ᠳᠤ ᠬᠤᠪᠢᠶᠠᠨ ᠥᠭᠴᠦ᠂ ᠲᠣᠰᠬᠤᠨ ᠪᠣᠯᠭᠠᠨ ᠳᠤ ᠣᠯᠵᠤ ᠬᠠᠷᠠᠬᠤ ᠶᠢ ᠦᠨᠡᠨᠬᠦ ᠪᠠᠲᠤᠯᠠᠵᠤ᠂ ᠲᠣᠰᠬᠤᠨ ᠤ ᠠᠷᠠᠳ ᠬᠥᠮᠦᠨ ᠪᠦᠷᠢ ᠳᠤ ᠨᠢᠭᠡ ᠬᠤᠪᠢ ᠣᠯᠭᠤᠨ᠎ᠠ︔ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠡᠯ᠎ᠡ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ 20 ᠬᠥᠮᠦᠨ ᠠᠴᠠ ᠳᠤᠲᠠᠭᠤ ᠦᠭᠡᠶ ᠬᠠᠭᠠᠰ ᠲᠤᠰᠬᠠᠶ ᠭᠠᠯ ᠤᠨᠲᠠᠷᠠᠭᠠᠬᠤ ᠠᠩᠭᠢ ᠪᠠᠶᠢᠭᠤᠯᠬᠤ ᠶᠢᠨ ᠬᠠᠮᠲᠤ ᠭᠠᠯ ᠤᠨᠲᠠᠷᠠᠭᠠᠬᠤ ᠬᠤᠶᠠᠳᠤᠭᠠᠷ ᠪᠠᠭᠠᠵᠢ ᠶᠢ ᠪᠦᠷᠢᠨ ᠲᠣᠬᠢᠷᠠᠭᠤᠯᠣᠨ᠂ ᠠᠵᠢᠯᠲᠠᠨ᠂ ᠪᠠᠭᠠᠵᠢ ᠬᠡᠷᠡᠭᠰᠡᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠣᠯᠠᠬᠤ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号