ᠬᠤᠷᠢᠨᠭᠡᠷ ᠰᠢᠶᠠᠨ ᠤ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ ᠰᠢᠯᠭᠠᠨ ᠠᠪᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/20
     11ᠳ᠋ᠦ᠋ᠭᠡᠷ ᠰᠠᠷ᠎ᠠ ᠶᠢᠨ 16 ᠤ ᠡᠳᠦᠷ᠂ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ 301 ᠬᠤᠷᠠᠯ ᠤᠨ ᠬᠡᠷ ᠲᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ ᠰᠢᠯᠭᠠᠨ ᠠᠪᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠰᠦᠨ ᠰᠢᠶᠣᠤ ᠸᠧᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠬᠠᠶ ᠶᠢᠩ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠳᠤ ᠣᠷᠣᠯᠴᠠᠪᠠ᠃      ᠰᠢᠯᠭᠠᠨ ᠠᠪᠬᠤ ᠳᠤᠭᠤᠶᠢᠯᠠᠩ ᠮᠠᠨ ᠤ ᠰᠢᠶᠠᠨ ᠤ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ ᠨᠢᠭᠡ ᠴᠣᠭᠴᠠᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠢᠨᠭᠡᠷ ᠰᠢᠶᠠᠨ ᠢ ᠨᠢᠭᠡ ᠴᠣᠭᠴᠠᠵᠢᠭᠤᠯᠤᠨ ᠡᠭᠦᠳᠦᠨ ᠪᠠᠶᠢᠭᠤᠯᠬᠤ ᠠᠵᠢᠯ ᠤᠨ ᠲᠤᠰᠬᠠᠶ ᠰᠡᠳᠦᠪᠲᠦ ᠹᠢᠯᠢᠮ ᠢ ᠦᠵᠡᠵᠦ᠂ ᠬᠤᠷᠠᠯ ᠳᠤ ᠣᠷᠣᠯᠴᠠᠭᠰᠠᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠡᠪᠲᠡᠷᠡᠯᠴᠡᠵᠦ᠂ ᠮᠠᠨ ᠤ ᠰᠢᠶᠠᠨ ᠤ ᠡᠭᠦᠳᠦᠨ ᠪᠠᠶᠢᠭᠤᠯᠬᠤ ᠠᠵᠢᠯ ᠢ ᠭᠦᠢᠴᠡᠳ ᠨᠤᠲᠠᠯᠠᠵᠠᠶ᠃ᠵᠠᠩ ᠶᠦᠩ ᠸᠧᠨ ᠢᠯᠡᠷᠬᠡᠶᠢᠯᠡᠭᠰᠡᠨ ᠨᠢ᠂ ᠵᠠᠮ ᠲᠡᠭᠡᠭᠡᠪᠦᠷᠢ ᠶᠢᠨ ᠶᠠᠮᠤᠨ ᠤ ᠰᠢᠯᠭᠠᠨ ᠠᠪᠬᠤ ᠳᠤᠭᠤᠶᠢᠯᠠᠩ ᠠᠴᠠ ᠬᠤᠷᠢᠨᠭᠡᠷ ᠰᠢᠶᠠᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠰᠢᠯᠭᠠᠨ ᠠᠪᠤᠭᠰᠠᠨ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠤᠷᠢᠨᠭᠡᠷ ᠰᠢᠶᠠᠨ ᠤ ᠠᠵᠢᠯ ᠢ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠮᠥᠨᠴᠦ ᠰᠢᠶᠠᠨ ᠤ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠪᠣᠯᠤᠨ ᠵᠣᠷᠢᠭᠵᠢᠭᠤᠯᠤᠯ ᠪᠣᠯᠤᠨ᠎ᠠ᠃ ᠬᠤᠷᠢᠨᠭᠡᠷ ᠰᠢᠶᠠᠨ ︽ᠪᠦᠬᠦ ᠤᠯᠤᠰ ᠤᠨ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ︾ ᠭᠡᠵᠦ ᠲᠣᠭᠲᠠᠭᠠᠭᠳᠠᠭᠰᠠᠨ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ  ᠤᠨ ᠣᠷᠳᠣᠨ ᠡᠭᠦᠳᠦᠨ ᠪᠠᠶᠢᠭᠤᠯᠬᠤ ᠠᠵᠢᠯ ᠤᠨ ᠯᠠᠪᠳᠠᠭᠤᠨ ᠲᠣᠭᠲᠠᠭᠤᠨ ᠢᠶᠠᠷ ᠬᠡᠷᠡᠭᠵᠢᠭᠦᠯᠦᠭᠳᠡᠬᠦ ᠶᠢ ᠠᠬᠢᠭᠤᠯᠬᠤ ᠠᠵᠢᠯ ᠤᠨ ᠳᠤᠮᠳᠠ᠂ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠡᠭᠦᠳᠦᠨ ᠪᠠᠶᠢᠭᠤᠯᠬᠤ ᠠᠵᠢᠯ ᠳᠤ ᠬᠦᠴᠦᠷᠬᠡᠭ ᠶᠡᠭᠡ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ︔ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠷᠢᠳᠠᠪᠠᠷ ᠲᠦᠯᠦᠪᠵᠢᠭᠦᠯᠭᠡ ᠬᠢᠵᠦ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠶ︔ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠵᠤ᠂ ᠲᠣᠤᠷ ᠰᠦᠯᠵᠢᠶ᠎ᠡ ᠶᠢ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠮᠲᠤ ᠪᠠᠷ ᠠᠰᠢᠭ ᠬᠦᠷᠳᠡᠵᠦ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ︽ᠪᠦᠬᠦ ᠲᠠᠯ᠎ᠠ ᠪᠠᠷ ᠬᠠᠮᠤᠷᠬᠤ᠂ ᠪᠣᠬᠢᠷᠲᠤᠯ ᠦᠭᠡᠢ ᠥᠨᠳᠥᠷ ᠦᠷ᠎ᠡ ᠪᠦᠲᠦᠮᠵᠢᠲᠡᠶ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ︾ ᠠᠵᠢᠯ ᠤᠨ ᠰᠡᠳᠬᠢᠴᠡ ᠳᠤ ᠰᠠᠭᠤᠷᠢᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠨᠢᠭᠡᠳᠦᠯᠲᠡᠶ ᠲᠥᠯᠥᠪᠵᠢᠭᠦᠯᠦᠨ᠂ ᠬᠤᠲᠠ ᠬᠦᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠬᠡᠷᠡᠭᠲᠡᠶ᠃      ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠵᠠᠩ ᠵᠢᠶᠦ᠋ᠨ ᠴᠢᠩ ᠡᠭᠦᠳᠦᠨ ᠪᠠᠶᠢᠭᠤᠯᠬᠤ ᠠᠵᠢᠯ ᠤᠨ ᠲᠤᠬᠠᠶ ᠪᠣᠳᠠᠲᠠᠶ ᠬᠠᠷᠢᠭᠤ ᠮᠡᠳᠡᠭᠦᠯᠦᠯᠲᠡ ᠬᠢᠵᠦ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠲᠣᠰ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠴᠤ ᠲᠣᠰ ᠤᠳᠠᠭᠠᠨ ᠤ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号