ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 49 ᠳ᠋ᠦ᠋ᠭᠡᠷ ᠤᠳᠠᠭ᠎ᠠ ᠶᠢᠨ ᠡᠷᠬᠢᠯᠡᠭᠴᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/20
ᠶᠦᠨ ᠵᠢᠶᠠᠨ ᠳ᠋ᠦᠩ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 19 ᠤ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 49 ᠳ᠋ᠦ᠋ᠭᠡᠷ ᠤᠳᠠᠭ᠎ᠠ ᠶᠢᠨ ᠡᠷᠬᠢᠯᠡᠭᠴᠢ ᠶᠢᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ ᠬᠤᠷᠠᠯ ᠢ ᠡᠷᠬᠢᠯᠡᠪᠡ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠮᠢᠨ᠂ ᠰᠡᠴᠡᠨᠪᠢᠯᠢᠭ᠂ ᠯᠠᠨ ᠹᠧᠩ᠂ ᠮᠠ ᠬᠤᠢ ᠵᠢᠶᠦ᠋ᠨ᠂ ᠭᠥᠸᠧ ᡁᠢ ᠭᠠᠩ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽2019 ᠣᠨ ᠤ ᠪᠦᠬᠦ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠮᠡᠳᠡᠭᠦᠯᠦᠯᠲᠡ︾ ︽2019 ᠣᠨ ᠤ ᠪᠦᠬᠦ ᠬᠤᠲᠠ ᠶᠢᠨ ᠤᠯᠤᠰ ᠤᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠲᠥᠷᠥᠯ ᠤᠨ ᠮᠡᠳᠡᠭᠦᠯᠦᠯᠲᠡ︾ ︽ᠠᠯᠪᠠᠨ ᠵᠢᠷᠤᠮ ᠤᠨ ᠰᠤᠷᠭᠠᠨ ᠬᠥᠮᠥᠵᠢᠯ ᠤᠨ  ᠲᠡᠩᠴᠡᠭᠦᠷᠢ ᠲᠠᠢ ᠬᠥᠭᠵᠢᠯᠲᠡ ᠪᠠ ᠰᠤᠷᠭᠠᠨ ᠬᠥᠮᠥᠵᠢᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾ ︽2019 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾ ︽ᠮᠠᠨ ᠤ ᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾ ︽ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠪᠠᠲᠤᠳᠬᠠᠵᠤ᠂ ᠶᠠᠳᠠᠭᠤᠷᠠᠬᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠤᠷᠲᠤ  ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾  ᠶᠢᠨ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠨ ᠵᠥᠪᠯᠡᠬᠦ ᠰᠠᠨᠠᠯ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ︔ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2021 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ︾ ︽ᠢᠷᠭᠡᠨ ᠤ ᠬᠠᠤᠯᠢ ᠶᠢᠨ ᠪᠢᠴᠢᠭ ᠲᠤ ᠬᠤᠯᠪᠣᠭᠳᠠᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠢ ᠲᠤᠰᠬᠠᠢ ᠴᠡᠪᠡᠷᠯᠡᠬᠦ ᠠᠵᠢᠯ ᠤᠨ ᠲᠤᠬᠠᠢ ᠬᠥᠬᠡᠬᠤᠲᠠ ᠶᠢᠨ ᠮᠡᠳᠡᠭᠦᠯᠦᠯᠲᠡ︾ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠳᠤ ᠬᠠᠷᠢᠯᠴᠠᠬᠤ ᠴᠡᠭ ᠤᠨ ᠠᠵᠢᠯ ᠤᠨ ᠲᠣᠭᠲᠠᠭᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ︔ ︽ᠮᠠᠨ ᠤ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠬᠤ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭᠵᠢᠭᠦᠯᠬᠦ ᠲᠥᠰᠥᠯ︾ ︽ᠮᠠᠨ ᠤ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰᠬᠠᠢ ᠰᠡᠳᠦᠪ ᠢᠶᠠᠷ ᠯᠠᠪᠯᠠᠨ ᠠᠰᠠᠭᠤᠬᠤ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭᠵᠢᠭᠦᠯᠬᠦ ᠲᠥᠰᠥᠯ︾ ᠬᠢᠭᠡᠳ ︽ᠮᠠᠨ ᠤ ᠬᠤᠲᠠ ᠶᠢᠨ ︿ᠬᠤᠶᠠᠷ ᠬᠥᠲᠥᠯᠪᠦᠷᠢ﹀ ᠶᠢ ᠬᠡᠷᠡᠭᠵᠢᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠬᠤ ᠲᠤᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠲᠣᠭᠲᠠᠪᠠ᠃      ᠬᠤᠷᠠᠯ ᠠᠴᠠ ᠪᠠᠰᠠ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠥᠪᠯᠡᠬᠦ ᠵᠦᠢᠯ ︵ᠲᠥᠰᠥᠯ︶᠂ ᠡᠳᠦᠷ ᠤᠨ ᠳᠠᠷᠠᠭᠠᠯᠠᠯ ︵ᠲᠥᠰᠥᠯ︶ ᠢ ᠰᠤᠳᠤᠯᠤᠨ ᠲᠣᠭᠲᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号