ᠸᠠᠩ ᠯᠢ ᠰᠢᠶᠠ ᠮᠠᠨ ᠤ ᠬᠤᠲᠠ ᠶᠢᠨ ᠰᠤᠷᠭᠠᠨ ᠬᠥᠮᠥᠵᠢᠯ ᠤᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠨᠠᠮ ᠳᠤ ᠬᠥᠮᠥᠨ ᠢ ᠬᠥᠮᠥᠵᠢᠭᠦᠯᠦᠨ ᠤᠯᠤᠰ ᠲᠤ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020/11/20
      ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ᠰᠤᠷᠭᠠᠨ ᠬᠥᠮᠥᠵᠢᠯ ᠤᠨ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠥᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠨᠠᠮ ᠳᠤ ᠬᠥᠮᠥᠨ ᠢ ᠬᠥᠮᠥᠵᠢᠭᠦᠯᠦᠨ᠂ ᠤᠯᠤᠰ ᠲᠤ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠪᠡ᠃      ᠬᠥᠬᠡᠬᠤᠲᠠ ᠶᠢᠨ ᠮᠣᠩᠭᠤᠯ  ᠰᠤᠷᠭᠠᠭᠤᠯᠢ ᠳᠤ ᠪᠠᠶᠢᠴᠠᠭᠠᠨ ᠰᠤᠳᠤᠯᠬᠤ ᠳᠤᠮᠳᠠ᠂ ᠸᠠᠩ ᠯᠢ ᠰᠢᠶᠠ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠬᠤ ᠶᠢᠨ ᠬᠠᠮᠳᠤ ᠨᠢᠭᠡᠳᠦᠭᠡᠷ ᠣᠨ ᠤ ᠠᠩᠭᠢ ᠶᠢᠨ ᠭᠡᠷ ᠲᠤ ᠬᠦᠷᠴᠦ᠂ ᠰᠤᠷᠭᠠᠭᠤᠯᠢ ᠶᠢᠨ ᠵᠢᠭᠠᠨ ᠰᠤᠷᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠭ᠋ᠠᠲᠠᠢ ᠣᠶᠢᠯᠠᠭᠠᠪᠠ᠃      ᠸᠠᠩ ᠯᠢ ᠰᠢᠶᠠ ᠵᠢᠭᠠᠬᠤ ᠳᠠᠭᠠᠨ᠂ ᠰᠤᠷᠭᠠᠨ ᠬᠥᠮᠥᠵᠢᠯ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠂ ᠮᠥᠨᠴᠦ ᠴᠢᠬᠤᠯᠠ ᠶᠡᠭᠡ ᠠᠵᠤ ᠠᠬᠤᠢ ᠪᠠ ᠤᠯᠤᠰ ᠲᠥᠷᠥ ᠶᠢᠨ ᠠᠰᠠᠭᠤᠳᠠᠯ ᠮᠥᠨ᠂ ᠰᠤᠷᠭᠠᠨ ᠬᠥᠮᠥᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠨᠢ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠣᠶᠤᠨ ᠤ ᠲᠤᠯᠭᠠᠭᠤᠷᠢᠯᠠᠯ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠥᠵᠢᠯ ᠤᠨ ᠴᠢᠭᠯᠡᠯᠲᠡ ᠶᠢ ᠰᠤᠷᠭᠠᠭᠤᠯᠢ ᠶᠢᠨ ᠠᠵᠢᠯ ᠤᠨ ᠡᠯ᠎ᠡ ᠲᠠᠯ᠎ᠠ ᠳᠤ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠤᠷᠤᠭᠴᠢᠳ ᠤᠨ ᠶᠣᠰᠣ ᠮᠤᠷᠠᠯ ᠣᠶᠤᠨ ᠤᠬᠠᠭᠠᠨ ᠪᠡᠶ᠎ᠡ ᠲᠠᠮᠢᠷ ᠭᠤᠸ᠎ᠠ ᠰᠠᠶᠢᠬᠠᠨ ᠠᠵᠢᠯ ᠬᠥᠳᠡᠯᠮᠦᠷᠢ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠲᠤᠬᠠᠢ ᠴᠢᠬᠤᠯᠠ ᠥᠭᠦᠯᠡᠯᠲᠡ ᠬᠢᠭᠡᠳ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠵᠢᠭᠤᠯᠬᠤ ᠡᠨᠡ ᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠴᠢᠩᠭ᠎ᠠ ᠪᠠᠷᠢᠵᠤ᠂ ᠬᠡᠦᠬᠡᠳ ᠠᠴᠠ ᠡᠬᠢᠯᠡᠨ᠂ ᠵᠠᠯᠠᠭᠤ ᠪᠠᠭᠠᠴᠤᠳ ᠠᠴᠠ ᠡᠬᠢᠯᠡᠨ᠂ ᠨᠡᠶᠢᠭᠡᠮ ᠤᠨ ᠠᠮᠢᠳᠤᠷᠠᠯ ᠤᠨ ᠲᠠᠯ᠎ᠠ ᠪᠦᠷᠢ ᠠᠴᠠ ᠡᠬᠢᠯᠡᠨ ᠪᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠥᠵᠢᠯ ᠢ ᠲᠠᠰᠤᠷᠠᠯᠲᠠ ᠦᠭᠡᠢ ᠭᠦᠨᠵᠡᠭᠡᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠯ᠎ᠡ ᠦᠨᠳᠦᠰᠦᠲᠡᠨ ᠤ ᠰᠡᠳᠬᠢᠯ ᠵᠢᠷᠦᠬᠡᠨ ᠳᠤ ᠭᠦᠨ ᠬᠠᠳᠠᠩᠰᠢᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠣᠳᠠᠲᠠᠢ ᠠᠳᠬᠤᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠭᠰᠢ ᠶᠢᠨ ᠮᠤᠷᠠᠯ ᠪᠠ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠦᠷ᠎ᠡ ᠪᠦᠲᠦᠮᠵᠢ ᠶᠢ ᠦᠨᠡᠯᠡᠨ ᠰᠢᠯᠭᠠᠬᠤ ᠪᠠᠨ ᠴᠢᠩᠭᠠᠳᠬᠠᠵᠤ᠂ ᠰᠤᠷᠭᠠᠨ ᠬᠥᠮᠥᠵᠢᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠠᠭᠠᠨ ᠰᠢᠨ᠎ᠡ ᠶᠢ ᠡᠭᠦᠳᠦᠨ᠂ ᠲᠡᠷᠢᠭᠦᠨ ᠤ ᠬᠢ ᠶᠢ ᠤᠷᠮᠠᠰᠢᠭᠤᠯᠵᠤ᠂ ᠲᠥᠪ ᠰᠤᠷᠲᠠᠯ ᠢ ᠪᠠᠳᠠᠷᠠᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠨᠠᠷᠢᠯᠢᠭᠵᠢᠭᠤᠯᠤᠨ ᠬᠠᠮᠢᠶᠠᠷᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠳᠤ ᠬᠠᠨᠤᠮᠵᠢᠲᠠᠢ ᠰᠤᠷᠭᠠᠨ ᠬᠥᠮᠥᠵᠢᠯ ᠢ ᠴᠢᠷᠮᠠᠶᠢᠨ ᠡᠷᠬᠢᠯᠡᠬᠦ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ᠂ ᠬᠤᠲᠠ ᠶᠢᠨ ᠳᠡᠳ᠋ ᠳᠠᠷᠤᠭ᠎ᠠ ᠴᠢᠶᠥᠥ ᠶᠦᠨ ᠯᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号