2020ᠣᠨ ᠤ 9 ᠳ᠋ᠤᠭᠡᠷ ᠰᠠᠷ᠎ᠠ ᠶᠢᠨ17 ᠤ ᠡᠳᠦᠷ᠂ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ | ᠪᠠ ᠦᠪᠦᠷ ᠮᠤᠩᠭᠤᠯ ᠤᠨ ᠬᠤᠷᠢᠨᠬᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠬᠠᠮᠳᠤᠷᠠᠨ ︽ᠦᠪᠦᠷ | ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠬᠠᠷᠠᠭᠠᠯᠵᠠᠯ ᠤᠨ | ᠲᠥᠷᠥ ᠶᠢᠨ ᠪᠤᠳᠤᠯᠭ᠎ᠠ︾ ︵ᠬᠦᠬᠡᠬᠤᠲᠠ ᠵᠠᠰᠠᠭ ᠲᠠᠷᠬᠠᠭᠠᠭᠰᠠᠨ ﹇2020﹈ 24 ᠳ᠋ᠤᠭᠡᠷ ᠲᠤᠭᠠᠳᠤ︶ ᠶᠢ | ᠲᠠᠷᠤᠮᠠᠯᠯᠠᠨ ᠲᠠᠷᠬᠠᠭᠠᠪᠠ᠂ ᠳᠤᠤᠷ᠎ᠠ ︽ᠲᠥᠷᠥ ᠶᠢᠨ ᠪᠤᠳᠤᠯᠭ᠎ᠠ︾ ᠭᠡᠵᠦ ᠲᠥᠬᠦᠮᠴᠢᠯᠡᠶᠡ᠂ ᠤᠳᠤ ᠲᠤᠰ | ᠲᠥᠷᠥ ᠶᠢᠨ ᠪᠤᠳᠤᠯᠭ᠎ᠠ ᠳᠤ ᠲᠤᠤᠷᠠᠬᠢ ᠮᠡᠲᠦ ᠲᠠᠶᠢᠯᠤᠮᠵᠢ ᠬᠢᠶ᠎ᠡ᠄ | ᠲᠤᠭᠲᠠᠭᠠᠭᠰᠠᠨ ᠠᠬᠤᠢ ᠪᠠᠶᠢᠳᠠᠯ | ᠰᠢᠨ᠎ᠡ ᠲᠣᠭᠤᠷᠢᠭ ᠤᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠬᠦᠯᠵᠦ᠂ ᠰᠢᠨ᠎ᠡ ᠲᠣᠭᠤᠷᠢᠭ ᠤᠨ ᠪᠦᠬᠦ ᠤᠷᠤᠨ ᠤ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ | ᠴᠢᠬᠤᠯᠠ ᠲᠠᠪᠴᠠᠩ᠂ ᠪᠦᠬᠦ ᠤᠷᠤᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠭᠦᠳᠡᠯᠭᠡᠭᠴᠢ | ᠬᠦᠴᠦᠨ ᠪᠠ ᠲᠤᠷᠰᠢᠯᠳᠠ ᠶᠢᠨ ᠤᠷᠤᠨ ᠪᠤᠯᠤᠭᠰᠠᠨ ᠤ ᠬᠤᠪᠢ ᠳᠠᠬᠢ ᠦᠢᠯᠡᠳᠦᠯ ᠢ ᠬᠦᠢᠴᠡᠳ ᠪᠠᠳᠠᠷᠠᠭᠤᠯᠬᠤ ᠶᠢᠨ | ᠲᠦᠯᠦᠭᠡ᠂ ︽ᠪᠤᠳᠠᠳᠠᠢ ᠳᠤ ᠨᠡᠶᠢᠴᠡᠵᠦ᠂ ᠬᠡᠷᠡᠭᠵᠢᠬᠦᠯᠬᠦ ᠳᠤ ᠲᠦᠭᠦᠮ︾ ᠵᠠᠷᠴᠢᠮ ᠶᠤᠰᠤᠭᠠᠷ᠂ ᠰᠢᠨ᠎ᠡ | ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠬᠦᠴᠦᠯᠡᠴᠡ ᠶᠢ ᠦᠷᠭᠦᠯᠵᠢᠯᠡᠨ ᠴᠢᠩᠭᠠᠳᠬᠠᠵᠤ᠂ | ᠨᠡᠩ ᠤᠯᠠᠨ ᠭᠠᠳᠠᠨ᠎ᠠ ᠶᠢᠨ ᠬᠤᠳᠠᠯᠳᠤᠭᠠᠴᠢᠨ ᠤ ᠰᠢᠨ᠎ᠡ ᠲᠤᠭᠤᠷᠢᠭ ᠲᠤ ᠪᠡᠯᠡ ᠤᠷᠤᠭᠤᠯᠵᠤ ᠦᠢᠯᠡᠰ | ᠬᠦᠭᠵᠢᠬᠦᠯᠬᠦ ᠶᠢ ᠲᠠᠲᠠᠵᠤ᠂ ︽ᠥᠪᠥᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠤᠳᠠᠯᠳᠤᠭᠠᠴᠢᠨ | ᠤᠷᠢᠵᠤ ᠪᠡᠯᠡ ᠤᠷᠤᠭᠤᠯᠬᠤ ᠲᠥᠷᠥ ᠶᠢᠨ ᠪᠤᠳᠤᠯᠭ᠎ᠠ ︵ᠲᠤᠷᠰᠢᠨ ᠬᠡᠷᠡᠭᠵᠢᠬᠦᠯᠬᠦ︶︾ ︵ᠬᠦᠬᠡᠬᠤᠲᠠ ᠵᠠᠰᠠᠭ | ᠲᠠᠷᠬᠠᠭᠠᠭᠰᠠᠨ ﹇2017﹈ 61 ᠳ᠋ᠤᠭᠡᠷ ᠲᠤᠭᠠᠲᠤ︶ ᠶᠢ ᠲᠤᠷᠰᠢᠨ ᠬᠡᠷᠡᠭᠵᠢᠬᠦᠯᠦᠭᠰᠡᠨ ᠤ ᠰᠠᠭᠤᠷᠢᠨ ᠳᠡᠭᠡᠷ᠎ᠡ᠂ | ᠰᠢᠨ᠎ᠡ ᠲᠣᠭᠤᠷᠢᠭ ᠤᠨ ᠬᠦᠭᠵᠢᠯᠲᠡ ᠶᠢᠨ ᠪᠣᠳᠠᠳᠠᠢ ᠲᠠᠢ ᠤᠶᠠᠯᠳᠤᠭᠤᠯᠤᠨ᠂ ᠨᠡᠩ ᠨᠡᠭᠡᠭᠡᠯᠲᠡ ᠲᠠᠢ᠂ ᠨᠡᠩ | ᠲᠤᠳᠤᠷᠬᠠᠢ᠂ ᠨᠡᠩ ᠦᠨ᠎ᠡ ᠦᠷᠳᠡᠭ ᠲᠠᠢ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠬᠠᠷᠠᠭᠠᠯᠵᠠᠯ ᠤᠨ | ᠲᠥᠷᠥ ᠶᠢᠨ ᠪᠤᠳᠤᠯᠭ᠎ᠠ ᠶᠢ ᠨᠡᠶᠢᠲᠡᠯᠡᠪᠡ᠃ | ᠭᠤᠣᠯ ᠠᠭᠤᠯᠭ᠎ᠠ | ᠲᠥᠷᠥ ᠶᠢᠨ ᠪᠣᠳᠤᠯᠭ᠎ᠠ ᠶᠢᠨ ᠪᠦᠬᠦ ᠠᠭᠤᠯᠭ᠎ᠠ ᠨᠢ ᠨᠡᠶᠢᠲᠡ 7 ᠪᠦᠯᠦᠭ 27 ᠵᠦᠢᠯ ᠂ ᠪᠣᠳᠠᠳᠠᠢ ᠪᠠᠷ | ᠨᠢᠭᠡᠳᠦᠭᠡᠷ ᠪᠦᠯᠦᠭ ᠶᠡᠷᠦᠩᠬᠡᠢ ᠵᠠᠷᠴᠢᠮ᠂ ᠨᠡᠶᠢᠲᠡ4 ᠵᠦᠢᠯ | ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠶᠢ ᠨᠠᠶᠢᠷᠠᠭᠤᠯᠤᠭᠰᠠᠨ ᠦᠨᠳᠦᠰᠦᠯᠡᠯ᠂ ᠲᠡᠮᠵᠢᠬᠦ ᠬᠦᠷᠢᠶ᠎ᠡ | ᠬᠡᠪᠴᠢᠶ᠎ᠡ ᠶᠢ ᠲᠣᠳᠤᠷᠬᠠᠶᠢᠯᠠᠬᠤ ᠶᠢᠨ ᠬᠠᠮᠳᠤ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ | ᠤᠷᠤᠭᠤᠯᠬᠤ ᠠᠵᠤ ᠦᠢᠯᠡᠰ ᠢ ᠵᠤᠷᠢᠭᠵᠢᠭᠤᠯᠬᠤ ᠲᠦᠷᠦᠯ ᠂ ᠭᠤᠤᠯᠯᠠᠬᠤ ᠲᠦᠷᠦᠯ᠂ ᠭᠤᠤᠯᠳᠠᠯᠭ᠎ᠠ ᠲᠠᠢ ᠲᠦᠷᠦᠯ᠂ | ᠴᠢᠬᠤᠯᠠ ᠶᠡᠭᠡ ᠲᠦᠷᠦᠯ ᠤᠨ ᠠᠵᠤ ᠦᠢᠯᠡᠰ ᠭᠡᠵᠦ ᠬᠤᠪᠢᠶᠠᠨ᠂ ᠭᠠᠵᠠᠷ ᠬᠡᠷᠡᠭᠯᠡᠬᠦ ᠲᠦᠷᠦᠯ ᠵᠦᠢᠯ ᠳᠤ ᠮᠦ | ᠪᠦᠷᠢ ᠳᠤ 400 ᠲᠦᠮᠡᠨ ᠲᠦᠭᠦᠷᠢᠭ ᠠᠴᠠ ᠲᠤᠤᠷ᠎ᠠ ᠦᠭᠡᠢ ᠪᠠᠶᠢᠬᠤ ᠪᠡᠯᠡ ᠤᠷᠤᠭᠤᠯᠤᠯᠲᠠ ᠶᠢᠨ | ᠬᠦᠴᠦᠯᠡᠴᠡ ᠶᠢᠨ ᠵᠦᠪᠰᠢᠶᠡᠷᠡᠯ ᠤᠨ ᠪᠣᠱᠤᠭ᠎ᠠ ᠭᠠᠷᠭᠠᠪᠠ᠃ | ᠬᠤᠶᠠᠳᠤᠭᠠᠷ ᠪᠦᠯᠦᠭ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ᠂ ᠨᠡᠶᠢᠲᠡ 8 ᠵᠦᠢᠯ | ᠠᠵᠤ ᠠᠬᠤᠶᠢᠯᠠᠯ ᠨᠤᠳᠤᠭᠰᠢᠬᠤ ᠳᠤ ᠰᠢᠨ᠎ᠡ ᠲᠤᠭᠤᠷᠢᠭ ᠤᠨ ︽ᠠᠷᠪᠠᠨ ᠨᠢᠭᠡ ᠶᠢ ᠨᠡᠪᠳᠡᠷᠡᠭᠦᠯᠵᠦ ᠨᠢᠭᠡ ᠶᠢ | ᠲᠡᠭᠰᠢᠯᠡᠬᠦ︾ ᠦᠨᠳᠦᠰᠦᠨ ᠲᠡᠮᠵᠢᠯᠭᠡ ᠶᠢᠨ ᠲᠥᠷᠥ ᠶᠢᠨ ᠪᠣᠳᠤᠯᠭ᠎ᠠ ᠶᠢ ᠡᠳ᠋ᠯᠡᠬᠦ ᠵᠢᠴᠢ ᠠᠵᠤ ᠠᠬᠤᠶᠢᠯᠠᠯ ᠲᠤᠰᠬᠠᠢ | ᠠᠰᠢᠭ ᠤᠨ ᠡᠷᠬᠡ ᠭᠤᠶᠤᠴᠢᠯᠠᠬᠤ᠂ ᠬᠦᠷᠦᠩᠭᠡ ᠶᠢᠨ ᠵᠠᠬ᠎ᠠ ᠠᠴᠠ ᠬᠦᠷᠦᠩᠭᠡ ᠴᠤᠭᠯᠠᠭᠤᠯᠬᠤ᠂ ᠠᠵᠢᠯᠲᠠᠨ ᠡᠯᠰᠡᠬᠦ᠂ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠲᠡᠮᠵᠢᠯᠭᠡ ᠶᠢᠨ ᠲᠥᠷᠥ ᠶᠢᠨ ᠪᠣᠳᠤᠯᠭ᠎ᠠ ᠶᠢ | ᠲᠤᠳᠤᠷᠬᠠᠶᠢᠯᠠᠪᠠ᠃ ᠡᠭᠦᠨ ᠳᠤ᠂ ᠬᠦᠷᠦᠩᠭᠡ ᠶᠢᠨ ᠵᠠᠬ᠎ᠠ ᠠᠴᠠ ᠬᠦᠷᠦᠩᠭᠡ ᠴᠤᠭᠯᠠᠭᠤᠯᠵᠤ ᠴᠢᠳᠠᠭᠰᠠᠨ ᠠᠵᠤ | ᠠᠬᠤᠶᠢᠯᠠᠯ ᠳᠤ ᠬᠠᠮᠤᠭ ᠦᠨᠳᠦᠷ ᠲᠡᠭᠡᠨ 1300 ᠲᠦᠮᠡᠨ ᠲᠦᠭᠦᠷᠢᠭ ᠤᠨ ᠱᠠᠩᠨᠠᠯ ᠤᠨ ᠮᠦᠩᠭᠦ ᠤᠯᠭᠤᠨ᠎ᠠ᠃ | ᠭᠤᠷᠪᠠᠳᠤᠭᠠᠷ ᠪᠥᠯᠥᠭ ᠵᠤᠷᠢᠭᠵᠢᠭᠤᠯᠬᠤ ᠲᠦᠷᠦᠯ ᠤᠨ ᠠᠵᠤ ᠦᠢᠯᠡᠰ ᠤᠨ ᠲᠦᠷᠦᠯ ᠵᠦᠢᠯ᠂ ᠨᠡᠶᠢᠲᠡ 1 | ᠵᠦᠢᠯ | ᠵᠤᠷᠢᠭᠵᠢᠭᠤᠯᠬᠤ ᠲᠦᠷᠦᠯ ᠤᠨ ᠠᠵᠤ ᠦᠢᠯᠡᠰ ᠲᠤ ᠤᠯᠤᠰ ᠤᠨ ᠪᠠᠷᠠᠭᠤᠨ ᠤᠷᠤᠨ ᠢ ᠨᠡᠭᠡᠭᠡᠨ ᠬᠦᠭᠵᠢᠬᠦᠯᠬᠦ | ᠳᠤ ᠬᠤᠯᠪᠤᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠪᠠᠷ ᠯᠠᠪᠯᠠᠯᠲᠠ ᠪᠣᠯᠭᠠᠵᠤ ᠬᠡᠷᠡᠭᠵᠢᠬᠦᠯᠬᠦ ᠶᠢ | ᠲᠣᠳᠤᠷᠬᠠᠶᠢᠯᠠᠪᠠ᠃ | ᠲᠦᠷᠪᠡᠳᠦᠭᠡᠷ ᠪᠦᠯᠦᠭ ᠭᠤᠤᠯᠯᠠᠬᠤ ᠲᠦᠷᠦᠯ ᠤᠨ ᠠᠵᠤ ᠦᠢᠯᠡᠰ ᠤᠨ ᠲᠦᠷᠦᠯ ᠵᠦᠢᠯ᠂ ᠨᠡᠶᠢᠲᠡ 3 | ᠵᠦᠢᠯ | ᠠᠵᠤ ᠠᠬᠤᠶᠢᠯᠠᠯ ᠳᠤ ᠠᠵᠤ ᠠᠬᠤᠶᠢᠯᠠᠯ ᠤᠨ ᠤᠷᠤᠯᠭ᠎ᠠ ᠪᠠ ᠬᠤᠪᠢ ᠬᠦᠮᠦᠨ ᠤ ᠤᠷᠤᠯᠭ᠎ᠠ ᠨᠢ ᠤᠷᠤᠨ | ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠲᠠᠯ᠎ᠠ ᠶᠢᠨ ᠱᠠᠩᠨᠠᠯ ᠤᠨ | ᠲᠡᠮᠵᠢᠯᠭᠡ ᠦᠵᠡᠭᠦᠯᠬᠦ ᠶᠢ ᠲᠤᠳᠤᠷᠬᠠᠶᠢᠯᠠᠪᠠ᠃ ᠡᠭᠦᠨ ᠳᠤ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠤᠷᠤᠯᠭ᠎ᠠ ᠨᠢ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠬᠤᠪᠢ | ᠨᠡᠮᠡᠷᠢ ᠪᠠᠷ ᠲᠦᠷᠦᠭᠦᠦ 5 ᠵᠢᠯ ᠳᠤ100% ᠪᠠᠷ᠂ ᠰᠡᠭᠦᠯ ᠤᠨ 5 ᠵᠢᠯ ᠳᠤ 50% ᠪᠠᠷ ᠠᠳᠠᠯᠢ ᠬᠡᠮᠵᠢᠶᠡᠨ ᠤ | ᠱᠠᠩᠨᠠᠯ ᠤᠨ ᠮᠦᠩᠭᠦ ᠤᠯᠭᠤᠨ᠎ᠠ᠃ ᠠᠵᠤ ᠠᠬᠤᠶᠢᠯᠠᠯ ᠤᠨ ᠲᠡᠭᠡᠳᠦ ᠲᠡᠰ ᠤᠨ ᠬᠠᠮᠢᠶᠠᠷᠤᠭᠴᠢ ᠳᠤ ᠲᠠᠷᠠᠭᠠᠯᠠᠨ | ᠲᠠᠪᠤᠨ ᠵᠢᠯ ᠬᠤᠪᠢ ᠶᠢᠨ ᠤᠷᠤᠯᠭ᠎ᠠ ᠶᠢᠨ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ | ᠦᠵᠡᠭᠦᠯᠦᠭᠰᠡᠨ ᠬᠤᠪᠢ ᠨᠡᠮᠡᠷᠢ ᠶᠢᠨ 100% ᠪᠠᠷ ᠱᠠᠩᠨᠠᠯ ᠤᠯᠭᠤᠨ᠎ᠠ᠃ | ᠲᠠᠪᠤᠳᠤᠭᠠᠷ ᠪᠦᠯᠦᠭ ᠭᠤᠣᠯᠳᠠᠯᠭ᠎ᠠ ᠲᠠᠢ ᠲᠦᠷᠦᠯ ᠤᠨ ᠠᠵᠤ ᠦᠢᠯᠡᠰ ᠤᠨ ᠲᠦᠷᠦᠯ ᠵᠦᠢᠯ᠂ ᠨᠡᠶᠢᠲᠡ5 | ᠵᠦᠢᠯ | ᠠᠵᠤ ᠠᠬᠤᠶᠢᠯᠠᠯ ᠳᠤ ᠭᠠᠵᠠᠷ ᠰᠢᠷᠤᠢ ᠬᠡᠷᠡᠭᠯᠡᠭᠰᠡᠨ ᠪᠠ ᠪᠠᠷᠠᠭ᠎ᠠ ᠪᠤᠷᠤᠯᠠᠭᠤᠯᠤᠭᠰᠠᠨ ᠨᠡᠮᠡᠭᠳᠡᠯ ᠥᠷᠲᠡᠭ ᠤᠨ | ᠤᠷᠤᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠲᠠᠯ᠎ᠠ ᠶᠢᠨ ᠱᠠᠩᠨᠠᠯ | ᠣᠯᠭᠤᠬᠤ ᠶᠢ ᠲᠤᠳᠤᠷᠬᠠᠶᠢᠯᠠᠪᠠ᠃ ᠡᠭᠦᠨ ᠳᠤ᠂ ᠭᠤᠷᠪᠠᠨ ᠵᠢᠯ ᠤᠨ ᠲᠤᠳᠤᠷ᠎ᠠ ᠪᠠᠶᠢᠭᠤᠯᠵᠤ ᠲᠠᠭᠤᠰᠤᠭᠠᠳ | ᠠᠰᠢᠭᠯᠠᠯᠲᠠ ᠳᠤ ᠤᠷᠤᠭᠰᠠᠨ ᠲᠦᠷᠦᠯ ᠵᠦᠢᠯ ᠳᠤ᠂ ᠲᠡᠭᠦᠨ ᠤ ᠪᠠᠶᠢᠭᠤᠯᠬᠤ ᠳᠠᠭᠤᠰᠤᠭᠰᠠᠨ ᠬᠡᠰᠡᠭ ᠤᠨ ᠭᠠᠵᠠᠷ | ᠰᠢᠷᠤᠢ ᠶᠢᠨ ᠬᠡᠷᠡᠭᠯᠡᠭᠰᠡᠨ ᠤ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠬᠤᠪᠢ | ᠨᠡᠮᠡᠷᠢ ᠶᠢᠨ 100% ᠪᠠᠷ ᠬᠠᠮᠤᠭ ᠶᠡᠭᠡ ᠳᠡᠭᠡᠨ 3 ᠵᠢᠯ ᠤᠨ ᠨᠦᠬᠦᠪᠦᠷᠢ ᠣᠯᠭᠤᠨ᠎ᠠ᠃ ᠠᠵᠤ ᠠᠬᠤᠶᠢᠯᠠᠯ ᠤᠨ | ᠪᠠᠷᠠᠭ᠎ᠠ ᠶᠢᠨ ᠪᠤᠷᠤᠯᠠᠭᠤᠯᠭ᠎ᠠ ᠶᠢᠨ ᠨᠡᠮᠡᠭᠳᠡᠯ ᠥᠷᠲᠡᠭ ᠤᠨ ᠬᠡᠮᠵᠢᠶ᠎ᠡ ᠨᠢ ᠤᠷᠤᠨ ᠨᠤᠲᠤᠭ ᠤᠨ ᠠᠵᠤ ᠠᠬᠤᠢ ᠶᠢᠨ | ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ᠂ 5 ᠵᠢᠯ 100% ᠶᠢᠨ ᠬᠡᠮᠵᠢᠶ᠎ᠡ ᠪᠠᠷ ᠱᠠᠩᠨᠠᠯ ᠤᠯᠭᠤᠨ᠎ᠠ᠃ | ᠡᠭᠦᠨ ᠤ ᠬᠠᠮᠳᠤ ᠥᠪᠡᠷᠲᠡᠭᠡᠨ ᠵᠠᠰᠠᠬᠤ ᠤᠷᠤᠨ ᠤ ᠠᠵᠤ ᠦᠢᠯᠡᠰ ᠤᠨ ᠬᠤᠭᠤᠰᠤᠨ ᠢ ᠨᠦᠬᠦᠭᠰᠡᠨ ᠲᠦᠷᠦᠯ | ᠵᠦᠢᠯ ᠳᠤ ᠬᠠᠮᠤᠭ ᠤᠨ ᠥᠨᠳᠦᠷ ᠲᠡᠭᠡᠨ 1 ᠳ᠋ᠦᠩᠰᠢᠭᠤᠷ ᠲᠦᠭᠦᠷᠢᠭ ᠤᠨ ᠲᠡᠮᠵᠢᠯᠭᠡ ᠶᠢᠨ ᠵᠤᠭᠤᠰ ᠦᠭᠭᠦᠨ᠎ᠡ᠃ | ᠵᠢᠷᠭᠤᠳᠤᠭᠠᠷ ᠪᠦᠯᠦᠭ ᠴᠢᠬᠤᠯᠠ ᠶᠡᠭᠡ ᠲᠥᠷᠥᠯ ᠤᠨ ᠠᠵᠤ ᠦᠢᠯᠡᠰ ᠤᠨ ᠲᠦᠷᠦᠯ ᠵᠦᠢᠯ᠂ ᠨᠡᠶᠢᠲᠡ2 | ᠵᠦᠢᠯ | ᠭᠤᠤᠯᠳᠠᠭᠤ ︽ᠤᠯᠤᠰ ᠤᠨ ᠲᠤᠮᠳᠠ ᠤᠷᠲᠤ ᠬᠤᠭᠤᠴᠠᠭᠠᠨ ᠤ ᠰᠢᠨᠵᠢᠯᠡᠬᠦ ᠤᠬᠠᠭᠠᠨ ᠪᠠ ᠲᠧᠭᠨᠢᠭ | ᠮᠡᠷᠭᠡᠵᠢᠯ ᠤᠨ ᠬᠦᠭᠵᠢᠯᠲᠡ ᠶᠢᠨ ᠲᠦᠯᠦᠪᠵᠢᠬᠦᠯᠭᠡ ᠶᠢᠨ ᠬᠦᠳᠦᠯᠪᠦᠷᠢ︾ ︵ᠬᠠᠮᠤᠭ ᠤᠨ ᠰᠢᠨ᠎ᠡ ᠬᠡᠪ︶ ᠳᠤ | ᠤᠷᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠵᠦᠢᠯ ᠢᠶᠠᠷ ᠭᠤᠣᠯ | ᠪᠤᠯᠭᠠᠵᠤ᠂ ᠭᠠᠵᠠᠷ ᠰᠢᠷᠤᠢ ᠬᠤᠳᠠᠯᠳᠤᠨ ᠠᠪᠬᠤ᠂ ᠲᠤᠰᠬᠠᠢ ᠲᠦᠷᠦᠯ ᠭᠤᠶᠤᠴᠢᠯᠠᠬᠤ ᠵᠡᠷᠭᠡ ᠲᠠᠯ᠎ᠠ ᠳᠤ ᠲᠡᠮᠵᠢᠯᠭᠡ | ᠦᠵᠡᠭᠦᠯᠬᠦ ᠶᠢ ᠲᠤᠳᠤᠷᠬᠠᠶᠢᠯᠠᠪᠠ᠃ ᠡᠭᠦᠨ ᠳᠤ᠂ ᠠᠵᠤ ᠠᠬᠤᠶᠢᠯᠠᠯ ᠳᠤ ᠭᠠᠵᠠᠷ ᠰᠢᠷᠤᠢ ᠬᠤᠳᠠᠯᠳᠤᠨ ᠠᠪᠬᠤ | ᠮᠦᠩᠭᠦ ᠳᠤ ᠪᠦᠳᠦᠨ ᠨᠦᠬᠦᠪᠦᠷᠢ ᠤᠯᠭᠤᠵᠤ᠂ ᠨᠢᠭᠡᠨᠲᠡ ᠨᠠᠶᠢᠳᠠᠪᠤᠷᠢᠵᠢᠭᠰᠠᠨ ᠴᠢᠬᠤᠯᠠ ᠶᠡᠭᠡ ᠲᠥᠷᠥᠯ ᠵᠦᠢᠯ ᠳᠤ | ᠢᠵᠢ ᠪᠦᠷᠢᠳᠦᠭᠦᠯᠬᠦ ᠪᠡᠯᠡ ᠮᠦᠩᠭᠦ ᠶᠢᠨ ᠲᠡᠮᠵᠢᠯᠭᠡ ᠣᠯᠭᠤᠨ᠎ᠠ᠃ | ᠳᠤᠯᠤᠳᠤᠭᠠᠷ ᠪᠦᠯᠦᠭ ᠲᠠᠭᠠᠯᠳᠤᠭᠤᠯᠤᠯ᠂ ᠨᠡᠶᠢᠲᠡ4 ᠵᠦᠢᠯ | ᠰᠢᠨ᠎ᠡ ᠲᠤᠭᠤᠷᠢᠭ ᠤᠨ ᠬᠦᠭᠵᠢᠯᠲᠡ ᠳᠤ ᠴᠢᠬᠤᠯᠠ ᠶᠡᠭᠡ ᠨᠦᠯᠦᠭᠡ ᠲᠠᠢ ᠲᠦᠷᠦᠯ ᠵᠦᠢᠯ ᠳᠤ ︽ᠤᠴᠢᠷ | ᠶᠠᠪᠤᠳᠠᠯ ᠢ ᠠᠰ ᠲᠤᠨᠢ ᠵᠦᠪᠯᠡᠬᠦ᠂ ᠨᠢᠭᠡ ᠠᠵᠤ ᠠᠬᠤᠶᠢᠯᠠᠯ ᠳᠤ ᠨᠢᠭᠡ ᠲᠦᠷᠥ ᠶᠢᠨ ᠪᠤᠳᠤᠯᠭ᠎ᠠ︾ ᠶᠢᠨ | ᠲᠡᠮᠵᠢᠯᠭᠡ ᠶᠢᠨ ᠲᠥᠷᠥ ᠶᠢᠨ ᠪᠣᠳᠤᠯᠭ᠎ᠠ ᠶᠠᠪᠤᠭᠤᠯᠬᠤ ᠶᠢ ᠲᠤᠳᠤᠷᠬᠠᠶᠢᠯᠠᠪᠠ᠃ ᠡᠭᠦᠨ ᠤ ᠬᠠᠮᠳᠤ᠂ | ᠨᠠᠶᠢᠳᠠᠪᠤᠷᠢᠵᠢᠭᠰᠠᠨ ᠠᠵᠤ ᠠᠬᠤᠶᠢᠯᠠᠯ ᠤᠨ ᠲᠦᠷᠦᠯ ᠵᠦᠢᠯ ᠵᠦᠪᠳᠡᠯᠴᠡᠭᠡᠷ ᠲᠤ ᠲᠤᠭᠲᠠᠭᠰᠠᠨ ᠶᠣᠰᠤᠭᠠᠷ | ᠶᠠᠪᠤᠭᠳᠠᠭᠰᠠᠨ ᠦᠭᠡᠢ ᠶᠢ ᠰᠢᠢᠳᠪᠦᠷᠢᠯᠡᠬᠦ ᠠᠷᠭ᠎ᠠ ᠬᠡᠯᠪᠡᠷᠢ ᠶᠢ ᠲᠤᠳᠤᠷᠬᠠᠶᠢᠯᠠᠪᠠ᠃ |