ᠥᠪᠥᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/11/20
     2020ᠣᠨ ᠤ 9 ᠳ᠋ᠤᠭᠡᠷ ᠰᠠᠷ᠎ᠠ ᠶᠢᠨ17 ᠤ ᠡᠳᠦᠷ᠂ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠦᠪᠦᠷ ᠮᠤᠩᠭᠤᠯ ᠤᠨ ᠬᠤᠷᠢᠨᠬᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠬᠠᠮᠳᠤᠷᠠᠨ ︽ᠦᠪᠦᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ︾ ︵ᠬᠦᠬᠡᠬᠤᠲᠠ ᠵᠠᠰᠠᠭ ᠲᠠᠷᠬᠠᠭᠠᠭᠰᠠᠨ ﹇2020﹈ 24 ᠳ᠋ᠤᠭᠡᠷ ᠲᠤᠭᠠᠳᠤ︶ ᠶᠢ ᠲᠠᠷᠤᠮᠠᠯᠯᠠᠨ ᠲᠠᠷᠬᠠᠭᠠᠪᠠ᠂ ᠳᠤᠤᠷ᠎ᠠ ︽ᠲᠥᠷᠥ ᠶᠢᠨ ᠪᠤᠳᠤᠯᠭ᠎ᠠ︾ ᠭᠡᠵᠦ ᠲᠥᠬᠦᠮᠴᠢᠯᠡᠶ᠎ᠡ᠂ ᠤᠳᠤ ᠲᠤᠰ ᠲᠥᠷᠥ ᠶᠢᠨ ᠪᠤᠳᠤᠯᠭ᠎ᠠ ᠳᠤ ᠲᠤᠤᠷᠠᠬᠢ ᠮᠡᠲᠦ ᠲᠠᠶᠢᠯᠤᠮᠵᠢ ᠬᠢᠶ᠎ᠡ᠄     ᠲᠤᠭᠲᠠᠭᠠᠭᠰᠠᠨ ᠠᠬᠤᠢ ᠪᠠᠶᠢᠳᠠᠯ     ᠰᠢᠨ᠎ᠡ ᠲᠣᠭᠤᠷᠢᠭ ᠤᠨ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠰᠢᠨ᠎ᠡ ᠲᠣᠭᠤᠷᠢᠭ ᠤᠨ ᠪᠦᠬᠦ ᠤᠷᠤᠨ ᠤ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ  ᠴᠢᠬᠤᠯᠠ ᠲᠠᠪᠴᠠᠩ᠂ ᠪᠦᠬᠦ ᠤᠷᠤᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠭᠦᠳᠡᠯᠭᠡᠭᠴᠢ ᠬᠦᠴᠦᠨ ᠪᠠ ᠲᠤᠷᠰᠢᠯᠳᠠ ᠶᠢᠨ ᠤᠷᠤᠨ ᠪᠤᠯᠤᠭᠰᠠᠨ ᠤ ᠬᠤᠪᠢ ᠳᠠᠬᠢ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠦᠯᠦᠭᠡ᠂ ︽ᠪᠤᠳᠠᠳᠠᠢ ᠳᠤ ᠨᠡᠶᠢᠴᠡᠵᠦ᠂ ᠬᠡᠷᠡᠭᠵᠢᠬᠦᠯᠬᠦ ᠳᠤ ᠲᠦᠭᠦᠮ︾ ᠵᠠᠷᠴᠢᠮ ᠶᠤᠰᠤᠭᠠᠷ᠂ ᠰᠢᠨ᠎ᠡ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠬᠦᠴᠦᠯᠡᠴᠡ ᠶᠢ ᠦᠷᠭᠦᠯᠵᠢᠯᠡᠨ ᠴᠢᠩᠭᠠᠳᠬᠠᠵᠤ᠂ ᠨᠡᠩ ᠤᠯᠠᠨ ᠭᠠᠳᠠᠨ᠎ᠠ ᠶᠢᠨ ᠬᠤᠳᠠᠯᠳᠤᠭᠠᠴᠢᠨ ᠤ ᠰᠢᠨ᠎ᠡ ᠲᠤᠭᠤᠷᠢᠭ ᠲᠤ ᠪᠡᠯᠡ ᠤᠷᠤᠭᠤᠯᠵᠤ ᠦᠢᠯᠡᠰ ᠬᠦᠭᠵᠢᠬᠦᠯᠬᠦ ᠶᠢ ᠲᠠᠲᠠᠵᠤ᠂ ︽ᠥᠪᠥᠷ ᠮᠤᠩᠭᠤᠯ ᠤᠨ ᠬᠤᠷᠢᠨᠬᠡᠷ ᠰᠢᠨ᠎ᠡ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠥᠷᠥ ᠶᠢᠨ ᠪᠤᠳᠤᠯᠭ᠎ᠠ ︵ᠲᠤᠷᠰᠢᠨ ᠬᠡᠷᠡᠭᠵᠢᠬᠦᠯᠬᠦ︶︾ ︵ᠬᠦᠬᠡᠬᠤᠲᠠ ᠵᠠᠰᠠᠭ ᠲᠠᠷᠬᠠᠭᠠᠭᠰᠠᠨ ﹇2017﹈ 61 ᠳ᠋ᠤᠭᠡᠷ ᠲᠤᠭᠠᠲᠤ︶ ᠶᠢ ᠲᠤᠷᠰᠢᠨ ᠬᠡᠷᠡᠭᠵᠢᠬᠦᠯᠦᠭᠰᠡᠨ ᠤ ᠰᠠᠭᠤᠷᠢᠨ ᠳᠡᠭᠡᠷ᠎ᠡ᠂ ᠰᠢᠨ᠎ᠡ ᠲᠣᠭᠤᠷᠢᠭ ᠤᠨ ᠬᠦᠭᠵᠢᠯᠲᠡ ᠶᠢᠨ ᠪᠣᠳᠠᠳᠠᠢ ᠲᠠᠢ ᠤᠶᠠᠯᠳᠤᠭᠤᠯᠤᠨ᠂ ᠨᠡᠩ ᠨᠡᠭᠡᠭᠡᠯᠲᠡ ᠲᠠᠢ᠂ ᠨᠡᠩ ᠲᠤᠳᠤᠷᠬᠠᠢ᠂ ᠨᠡᠩ ᠦᠨ᠎ᠡ ᠦᠷᠳᠡᠭ ᠲᠠᠢ ᠬᠤᠳᠠᠯᠳᠤᠭᠠᠴᠢᠨ ᠤᠷᠢᠵᠤ  ᠪᠡᠯᠡ ᠤᠷᠤᠭᠤᠯᠬᠤ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠨᠡᠶᠢᠲᠡᠯᠡᠪᠡ᠃     ᠭᠤᠣᠯ ᠠᠭᠤᠯᠭ᠎ᠠ     ᠲᠥᠷᠥ ᠶᠢᠨ ᠪᠣᠳᠤᠯᠭ᠎ᠠ ᠶᠢᠨ  ᠪᠦᠬᠦ ᠠᠭᠤᠯᠭ᠎ᠠ ᠨᠢ  ᠨᠡᠶᠢᠲᠡ 7 ᠪᠦᠯᠦᠭ 27 ᠵᠦᠢᠯ  ᠂ ᠪᠣᠳᠠᠳᠠᠢ ᠪᠠᠷ     ᠨᠢᠭᠡᠳᠦᠭᠡᠷ ᠪᠦᠯᠦᠭ ᠶᠡᠷᠦᠩᠬᠡᠢ ᠵᠠᠷᠴᠢᠮ᠂ ᠨᠡᠶᠢᠲᠡ4 ᠵᠦᠢᠯ     ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠶᠢ ᠨᠠᠶᠢᠷᠠᠭᠤᠯᠤᠭᠰᠠᠨ ᠦᠨᠳᠦᠰᠦᠯᠡᠯ᠂ ᠲᠡᠮᠵᠢᠬᠦ ᠬᠦᠷᠢᠶ᠎ᠡ ᠬᠡᠪᠴᠢᠶ᠎ᠡ ᠶᠢ ᠲᠣᠳᠤᠷᠬᠠᠶᠢᠯᠠᠬᠤ ᠶᠢᠨ ᠬᠠᠮᠳᠤ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠤ ᠦᠢᠯᠡᠰ ᠢ ᠵᠤᠷᠢᠭᠵᠢᠭᠤᠯᠬᠤ ᠲᠦᠷᠦᠯ ᠂ ᠭᠤᠤᠯᠯᠠᠬᠤ ᠲᠦᠷᠦᠯ᠂ ᠭᠤᠤᠯᠳᠠᠯᠭ᠎ᠠ  ᠲᠠᠢ ᠲᠦᠷᠦᠯ᠂ ᠴᠢᠬᠤᠯᠠ ᠶᠡᠭᠡ ᠲᠦᠷᠦᠯ ᠤᠨ ᠠᠵᠤ ᠦᠢᠯᠡᠰ ᠭᠡᠵᠦ ᠬᠤᠪᠢᠶᠠᠨ᠂ ᠭᠠᠵᠠᠷ ᠬᠡᠷᠡᠭᠯᠡᠬᠦ ᠲᠦᠷᠦᠯ ᠵᠦᠢᠯ ᠳᠤ ᠮᠦ ᠪᠦᠷᠢ ᠳᠤ 400 ᠲᠦᠮᠡᠨ ᠲᠦᠭᠦᠷᠢᠭ ᠠᠴᠠ ᠲᠤᠤᠷ᠎ᠠ ᠦᠭᠡᠢ ᠪᠠᠶᠢᠬᠤ ᠪᠡᠯᠡ ᠤᠷᠤᠭᠤᠯᠤᠯᠲᠠ ᠶᠢᠨ ᠬᠦᠴᠦᠯᠡᠴᠡ ᠶᠢᠨ ᠵᠦᠪᠰᠢᠶᠡᠷᠡᠯ ᠤᠨ ᠪᠣᠱᠤᠭ᠎ᠠ ᠭᠠᠷᠭᠠᠪᠠ᠃     ᠬᠤᠶᠠᠳᠤᠭᠠᠷ ᠪᠦᠯᠦᠭ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ᠂ ᠨᠡᠶᠢᠲᠡ 8 ᠵᠦᠢᠯ     ᠠᠵᠤ ᠠᠬᠤᠶᠢᠯᠠᠯ ᠨᠤᠳᠤᠭᠰᠢᠬᠤ ᠳᠤ ᠰᠢᠨ᠎ᠡ ᠲᠤᠭᠤᠷᠢᠭ ᠤᠨ ︽ᠠᠷᠪᠠᠨ ᠨᠢᠭᠡ ᠶᠢ ᠨᠡᠪᠳᠡᠷᠡᠭᠦᠯᠵᠦ ᠨᠢᠭᠡ ᠶᠢ ᠲᠡᠭᠰᠢᠯᠡᠬᠦ︾ ᠦᠨᠳᠦᠰᠦᠨ ᠲᠡᠮᠵᠢᠯᠭᠡ ᠶᠢᠨ ᠲᠥᠷᠥ ᠶᠢᠨ ᠪᠣᠳᠤᠯᠭ᠎ᠠ ᠶᠢ ᠡᠳ᠋ᠯᠡᠬᠦ  ᠵᠢᠴᠢ ᠠᠵᠤ ᠠᠬᠤᠶᠢᠯᠠᠯ ᠲᠤᠰᠬᠠᠢ ᠠᠰᠢᠭ ᠤᠨ ᠡᠷᠬᠡ ᠭᠤᠶᠤᠴᠢᠯᠠᠬᠤ᠂ ᠬᠦᠷᠦᠩᠭᠡ ᠶᠢᠨ ᠵᠠᠬ᠎ᠠ ᠠᠴᠠ ᠬᠦᠷᠦᠩᠭᠡ ᠴᠤᠭᠯᠠᠭᠤᠯᠬᠤ᠂ ᠠᠵᠢᠯᠲᠠᠨ ᠡᠯᠰᠡᠬᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠲᠡᠮᠵᠢᠯᠭᠡ ᠶᠢᠨ ᠲᠥᠷᠥ ᠶᠢᠨ ᠪᠣᠳᠤᠯᠭ᠎ᠠ ᠶᠢ ᠲᠤᠳᠤᠷᠬᠠᠶᠢᠯᠠᠪᠠ᠃ ᠡᠭᠦᠨ ᠳᠤ᠂ ᠬᠦᠷᠦᠩᠭᠡ ᠶᠢᠨ ᠵᠠᠬ᠎ᠠ ᠠᠴᠠ ᠬᠦᠷᠦᠩᠭᠡ ᠴᠤᠭᠯᠠᠭᠤᠯᠵᠤ ᠴᠢᠳᠠᠭᠰᠠᠨ ᠠᠵᠤ ᠠᠬᠤᠶᠢᠯᠠᠯ ᠳᠤ ᠬᠠᠮᠤᠭ ᠦᠨᠳᠦᠷ ᠲᠡᠭᠡᠨ 1300 ᠲᠦᠮᠡᠨ ᠲᠦᠭᠦᠷᠢᠭ ᠤᠨ ᠱᠠᠩᠨᠠᠯ ᠤᠨ ᠮᠦᠩᠭᠦ ᠤᠯᠭᠤᠨ᠎ᠠ᠃     ᠭᠤᠷᠪᠠᠳᠤᠭᠠᠷ ᠪᠥᠯᠥᠭ  ᠵᠤᠷᠢᠭᠵᠢᠭᠤᠯᠬᠤ ᠲᠦᠷᠦᠯ ᠤᠨ ᠠᠵᠤ ᠦᠢᠯᠡᠰ ᠤᠨ ᠲᠦᠷᠦᠯ ᠵᠦᠢᠯ᠂ ᠨᠡᠶᠢᠲᠡ 1 ᠵᠦᠢᠯ     ᠵᠤᠷᠢᠭᠵᠢᠭᠤᠯᠬᠤ ᠲᠦᠷᠦᠯ ᠤᠨ ᠠᠵᠤ ᠦᠢᠯᠡᠰ ᠲᠤ ᠤᠯᠤᠰ ᠤᠨ ᠪᠠᠷᠠᠭᠤᠨ ᠤᠷᠤᠨ ᠢ ᠨᠡᠭᠡᠭᠡᠨ ᠬᠦᠭᠵᠢᠬᠦᠯᠬᠦ ᠳᠤ ᠬᠤᠯᠪᠤᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠪᠠᠷ ᠯᠠᠪᠯᠠᠯᠲᠠ ᠪᠣᠯᠭᠠᠵᠤ ᠬᠡᠷᠡᠭᠵᠢᠬᠦᠯᠬᠦ ᠶᠢ ᠲᠣᠳᠤᠷᠬᠠᠶᠢᠯᠠᠪᠠ᠃     ᠲᠦᠷᠪᠡᠳᠦᠭᠡᠷ ᠪᠦᠯᠦᠭ  ᠭᠤᠤᠯᠯᠠᠬᠤ ᠲᠦᠷᠦᠯ ᠤᠨ ᠠᠵᠤ ᠦᠢᠯᠡᠰ ᠤᠨ ᠲᠦᠷᠦᠯ ᠵᠦᠢᠯ᠂  ᠨᠡᠶᠢᠲᠡ 3 ᠵᠦᠢᠯ     ᠠᠵᠤ ᠠᠬᠤᠶᠢᠯᠠᠯ ᠳᠤ ᠠᠵᠤ ᠠᠬᠤᠶᠢᠯᠠᠯ ᠤᠨ ᠤᠷᠤᠯᠭ᠎ᠠ ᠪᠠ ᠬᠤᠪᠢ ᠬᠦᠮᠦᠨ ᠤ ᠤᠷᠤᠯᠭ᠎ᠠ ᠨᠢ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠲᠠᠯ᠎ᠠ ᠶᠢᠨ ᠱᠠᠩᠨᠠᠯ ᠤᠨ ᠲᠡᠮᠵᠢᠯᠭᠡ ᠦᠵᠡᠭᠦᠯᠬᠦ ᠶᠢ ᠲᠤᠳᠤᠷᠬᠠᠶᠢᠯᠠᠪᠠ᠃ ᠡᠭᠦᠨ ᠳᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠤᠷᠤᠯᠭ᠎ᠠ ᠨᠢ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠪᠠᠷ ᠲᠦᠷᠦᠭᠦᠦ 5 ᠵᠢᠯ ᠳᠤ100% ᠪᠠᠷ᠂ ᠰᠡᠭᠦᠯ ᠤᠨ 5 ᠵᠢᠯ ᠳᠤ 50% ᠪᠠᠷ ᠠᠳᠠᠯᠢ ᠬᠡᠮᠵᠢᠶᠡᠨ ᠤ ᠱᠠᠩᠨᠠᠯ ᠤᠨ ᠮᠦᠩᠭᠦ ᠤᠯᠭᠤᠨ᠎ᠠ᠃ ᠠᠵᠤ ᠠᠬᠤᠶᠢᠯᠠᠯ ᠤᠨ ᠲᠡᠭᠡᠳᠦ ᠲᠡᠰ ᠤᠨ ᠬᠠᠮᠢᠶᠠᠷᠤᠭᠴᠢ ᠳᠤ ᠲᠠᠷᠠᠭᠠᠯᠠᠨ ᠲᠠᠪᠤᠨ ᠵᠢᠯ ᠬᠤᠪᠢ ᠶᠢᠨ ᠤᠷᠤᠯᠭ᠎ᠠ ᠶᠢᠨ ᠤᠷᠤᠨ ᠨᠤᠲᠤᠭ ᠤᠨ ᠠᠵᠤ ᠠᠬᠤᠢ  ᠶᠢᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ 100% ᠪᠠᠷ ᠱᠠᠩᠨᠠᠯ ᠤᠯᠭᠤᠨ᠎ᠠ᠃     ᠲᠠᠪᠤᠳᠤᠭᠠᠷ ᠪᠦᠯᠦᠭ   ᠭᠤᠣᠯᠳᠠᠯᠭ᠎ᠠ ᠲᠠᠢ ᠲᠦᠷᠦᠯ ᠤᠨ ᠠᠵᠤ ᠦᠢᠯᠡᠰ ᠤᠨ ᠲᠦᠷᠦᠯ ᠵᠦᠢᠯ᠂  ᠨᠡᠶᠢᠲᠡ5 ᠵᠦᠢᠯ     ᠠᠵᠤ ᠠᠬᠤᠶᠢᠯᠠᠯ ᠳᠤ ᠭᠠᠵᠠᠷ ᠰᠢᠷᠤᠢ ᠬᠡᠷᠡᠭᠯᠡᠭᠰᠡᠨ ᠪᠠ ᠪᠠᠷᠠᠭ᠎ᠠ  ᠪᠤᠷᠤᠯᠠᠭᠤᠯᠤᠭᠰᠠᠨ ᠨᠡᠮᠡᠭᠳᠡᠯ ᠥᠷᠲᠡᠭ ᠤᠨ ᠤᠷᠤᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ ᠲᠠᠯ᠎ᠠ ᠶᠢᠨ ᠱᠠᠩᠨᠠᠯ ᠣᠯᠭᠤᠬᠤ ᠶᠢ ᠲᠤᠳᠤᠷᠬᠠᠶᠢᠯᠠᠪᠠ᠃ ᠡᠭᠦᠨ ᠳᠤ᠂ ᠭᠤᠷᠪᠠᠨ ᠵᠢᠯ ᠤᠨ ᠲᠤᠳᠤᠷ᠎ᠠ ᠪᠠᠶᠢᠭᠤᠯᠵᠤ ᠲᠠᠭᠤᠰᠤᠭᠠᠳ ᠠᠰᠢᠭᠯᠠᠯᠲᠠ ᠳᠤ ᠤᠷᠤᠭᠰᠠᠨ ᠲᠦᠷᠦᠯ ᠵᠦᠢᠯ ᠳᠤ᠂ ᠲᠡᠭᠦᠨ ᠤ ᠪᠠᠶᠢᠭᠤᠯᠬᠤ ᠳᠠᠭᠤᠰᠤᠭᠰᠠᠨ ᠬᠡᠰᠡᠭ ᠤᠨ ᠭᠠᠵᠠᠷ ᠰᠢᠷᠤᠢ ᠶᠢᠨ ᠬᠡᠷᠡᠭᠯᠡᠭᠰᠡᠨ ᠤ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ  ᠦᠵᠡᠭᠦᠯᠦᠭᠰᠡᠨ ᠬᠤᠪᠢ ᠨᠡᠮᠡᠷᠢ ᠶᠢᠨ 100% ᠪᠠᠷ ᠬᠠᠮᠤᠭ ᠶᠡᠭᠡ ᠳᠡᠭᠡᠨ 3 ᠵᠢᠯ ᠤᠨ ᠨᠦᠬᠦᠪᠦᠷᠢ ᠣᠯᠭᠤᠨ᠎ᠠ᠃ ᠠᠵᠤ ᠠᠬᠤᠶᠢᠯᠠᠯ ᠤᠨ ᠪᠠᠷᠠᠭ᠎ᠠ ᠶᠢᠨ ᠪᠤᠷᠤᠯᠠᠭᠤᠯᠭ᠎ᠠ ᠶᠢᠨ ᠨᠡᠮᠡᠭᠳᠡᠯ ᠥᠷᠲᠡᠭ ᠤᠨ ᠬᠡᠮᠵᠢᠶ᠎ᠡ ᠨᠢ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ᠂ 5 ᠵᠢᠯ 100% ᠶᠢᠨ ᠬᠡᠮᠵᠢᠶ᠎ᠡ ᠪᠠᠷ ᠱᠠᠩᠨᠠᠯ ᠤᠯᠭᠤᠨ᠎ᠠ᠃ ᠡᠭᠦᠨ ᠤ ᠬᠠᠮᠳᠤ ᠥᠪᠡᠷᠲᠡᠭᠡᠨ ᠵᠠᠰᠠᠬᠤ ᠤᠷᠤᠨ ᠤ ᠠᠵᠤ ᠦᠢᠯᠡᠰ ᠤᠨ ᠬᠤᠭᠤᠰᠤᠨ ᠢ ᠨᠦᠬᠦᠭᠰᠡᠨ ᠲᠦᠷᠦᠯ ᠵᠦᠢᠯ ᠳᠤ ᠬᠠᠮᠤᠭ ᠤᠨ ᠥᠨᠳᠦᠷ ᠲᠡᠭᠡᠨ 1 ᠳ᠋ᠦᠩᠰᠢᠭᠤᠷ ᠲᠦᠭᠦᠷᠢᠭ ᠤᠨ ᠲᠡᠮᠵᠢᠯᠭᠡ ᠶᠢᠨ ᠵᠤᠭᠤᠰ ᠦᠭᠭᠦᠨ᠎ᠡ᠃     ᠵᠢᠷᠭᠤᠳᠤᠭᠠᠷ ᠪᠦᠯᠦᠭ  ᠴᠢᠬᠤᠯᠠ ᠶᠡᠭᠡ ᠲᠥᠷᠥᠯ ᠤᠨ ᠠᠵᠤ ᠦᠢᠯᠡᠰ ᠤᠨ ᠲᠦᠷᠦᠯ ᠵᠦᠢᠯ᠂  ᠨᠡᠶᠢᠲᠡ2 ᠵᠦᠢᠯ     ᠭᠤᠤᠯᠳᠠᠭᠤ ︽ᠤᠯᠤᠰ ᠤᠨ ᠲᠤᠮᠳᠠ ᠤᠷᠲᠤ ᠬᠤᠭᠤᠴᠠᠭᠠᠨ ᠤ  ᠰᠢᠨᠵᠢᠯᠡᠬᠦ ᠤᠬᠠᠭᠠᠨ ᠪᠠ ᠲᠧᠭᠨᠢᠭ ᠮᠡᠷᠭᠡᠵᠢᠯ ᠤᠨ ᠬᠦᠭᠵᠢᠯᠲᠡ ᠶᠢᠨ ᠲᠦᠯᠦᠪᠵᠢᠬᠦᠯᠭᠡ ᠶᠢᠨ ᠬᠦᠳᠦᠯᠪᠦᠷᠢ︾ ︵ᠬᠠᠮᠤᠭ ᠤᠨ ᠰᠢᠨ᠎ᠡ ᠬᠡᠪ︶ ᠳᠤ ᠤᠷᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠵᠦᠢᠯ ᠢᠶᠠᠷ ᠭᠤᠣᠯ ᠪᠤᠯᠭᠠᠵᠤ᠂ ᠭᠠᠵᠠᠷ ᠰᠢᠷᠤᠢ ᠬᠤᠳᠠᠯᠳᠤᠨ ᠠᠪᠬᠤ᠂ ᠲᠤᠰᠬᠠᠢ ᠲᠦᠷᠦᠯ ᠭᠤᠶᠤᠴᠢᠯᠠᠬᠤ ᠵᠡᠷᠭᠡ ᠲᠠᠯ᠎ᠠ ᠳᠤ ᠲᠡᠮᠵᠢᠯᠭᠡ ᠦᠵᠡᠭᠦᠯᠬᠦ ᠶᠢ ᠲᠤᠳᠤᠷᠬᠠᠶᠢᠯᠠᠪᠠ᠃ ᠡᠭᠦᠨ ᠳᠤ᠂ ᠠᠵᠤ ᠠᠬᠤᠶᠢᠯᠠᠯ ᠳᠤ ᠭᠠᠵᠠᠷ ᠰᠢᠷᠤᠢ ᠬᠤᠳᠠᠯᠳᠤᠨ ᠠᠪᠬᠤ ᠮᠦᠩᠭᠦ ᠳᠤ ᠪᠦᠳᠦᠨ ᠨᠦᠬᠦᠪᠦᠷᠢ ᠤᠯᠭᠤᠵᠤ᠂ ᠨᠢᠭᠡᠨᠲᠡ ᠨᠠᠶᠢᠳᠠᠪᠤᠷᠢᠵᠢᠭᠰᠠᠨ ᠴᠢᠬᠤᠯᠠ ᠶᠡᠭᠡ ᠲᠥᠷᠥᠯ ᠵᠦᠢᠯ ᠳᠤ ᠢᠵᠢ ᠪᠦᠷᠢᠳᠦᠭᠦᠯᠬᠦ ᠪᠡᠯᠡ ᠮᠦᠩᠭᠦ ᠶᠢᠨ ᠲᠡᠮᠵᠢᠯᠭᠡ ᠣᠯᠭᠤᠨ᠎ᠠ᠃     ᠳᠤᠯᠤᠳᠤᠭᠠᠷ ᠪᠦᠯᠦᠭ  ᠲᠠᠭᠠᠯᠳᠤᠭᠤᠯᠤᠯ᠂ ᠨᠡᠶᠢᠲᠡ4 ᠵᠦᠢᠯ     ᠰᠢᠨ᠎ᠡ ᠲᠤᠭᠤᠷᠢᠭ ᠤᠨ ᠬᠦᠭᠵᠢᠯᠲᠡ ᠳᠤ ᠴᠢᠬᠤᠯᠠ ᠶᠡᠭᠡ ᠨᠦᠯᠦᠭᠡ ᠲᠠᠢ ᠲᠦᠷᠦᠯ ᠵᠦᠢᠯ ᠳᠤ ︽ᠤᠴᠢᠷ ᠶᠠᠪᠤᠳᠠᠯ ᠢ ᠠᠰ ᠲᠤᠨᠢ ᠵᠦᠪᠯᠡᠬᠦ᠂  ᠨᠢᠭᠡ ᠠᠵᠤ ᠠᠬᠤᠶᠢᠯᠠᠯ ᠳᠤ ᠨᠢᠭᠡ ᠲᠦᠷᠥ ᠶᠢᠨ ᠪᠤᠳᠤᠯᠭ᠎ᠠ︾ ᠶᠢᠨ ᠲᠡᠮᠵᠢᠯᠭᠡ ᠶᠢᠨ ᠲᠥᠷᠥ ᠶᠢᠨ ᠪᠣᠳᠤᠯᠭ᠎ᠠ ᠶᠠᠪᠤᠭᠤᠯᠬᠤ ᠶᠢ ᠲᠤᠳᠤᠷᠬᠠᠶᠢᠯᠠᠪᠠ᠃ ᠡᠭᠦᠨ ᠤ ᠬᠠᠮᠳᠤ᠂  ᠨᠠᠶᠢᠳᠠᠪᠤᠷᠢᠵᠢᠭᠰᠠᠨ ᠠᠵᠤ ᠠᠬᠤᠶᠢᠯᠠᠯ ᠤᠨ ᠲᠦᠷᠦᠯ ᠵᠦᠢᠯ ᠵᠦᠪᠳᠡᠯᠴᠡᠭᠡᠷ ᠲᠤ ᠲᠤᠭᠲᠠᠭᠰᠠᠨ ᠶᠣᠰᠤᠭᠠᠷ ᠶᠠᠪᠤᠭᠳᠠᠭᠰᠠᠨ ᠦᠭᠡᠢ ᠶᠢ ᠰᠢᠢᠳᠪᠦᠷᠢᠯᠡᠬᠦ ᠠᠷᠭ᠎ᠠ ᠬᠡᠯᠪᠡᠷᠢ ᠶᠢ ᠲᠤᠳᠤᠷᠬᠠᠶᠢᠯᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ