ᠳ᠋ᠦᠩ ᠹᠠᠩ ᠭᠦᠸᠧ ᠰᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ 1 # ᠲᠤᠭ᠎ᠠ ᠪᠠᠷᠢᠮᠲᠠ ᠶᠢᠨ ᠲᠥᠪ ᠤᠨ ᠭᠤᠤᠯ ᠴᠣᠭᠴᠠ ᠶᠢᠨ ᠠᠰᠠᠷ ᠤᠨ ᠣᠷᠣᠢ ᠶᠢ ᠠᠳᠠᠭᠠᠷᠯᠠᠪᠠ
ᠨᠡᠶᠢᠲᠡᠯᠡᠭᠰᠡᠨ ᠴᠠᠭ᠄
2020/11/20
     ᠣᠶᠢᠷ᠎ᠠ ᠳᠤ᠂ ᠳ᠋ᠦᠩ ᠹᠠᠩ ᠭᠦᠸᠧ ᠰᠢᠨ ᠠᠵᠤ ᠦᠢᠯᠡᠳᠪᠦᠷᠢ ᠶᠢᠨ ᠢᠨᠲ᠋ᠤᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ︵1# ᠲᠤᠭ᠎ᠠ ᠪᠠᠷᠢᠮᠲᠠ ᠶᠢᠨ ᠲᠥᠪ︶ ᠤᠨ ᠭᠤᠤᠯ ᠴᠣᠭᠴᠠ ᠶᠢᠨ ᠠᠰᠠᠷ ᠤᠨ ᠣᠷᠣᠢ ᠶᠢ ᠠᠳᠠᠭᠠᠷᠯᠠᠪᠠ᠃
    ᠳ᠋ᠦᠩ ᠹᠠᠩ ᠭᠦᠸᠧ ᠰᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ ᠤᠨ ᠲᠥᠷᠥᠯ ᠵᠦᠢᠯ ᠢ ᠥᠪᠥᠷ ᠮᠣᠩᠭᠤᠯ ᠤᠨ ᠳ᠋ᠦᠩ ᠹᠠᠩ ᠭᠦᠸᠧ ᠰᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠥᠷᠥᠯ ᠵᠦᠢᠯ ᠤᠨ ᠪᠦᠬᠦ ᠪᠡᠯᠡ ᠣᠷᠣᠭᠤᠯᠤᠯᠲᠠ 30 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠤᠭ 198 ᠮᠦ ᠭᠠᠵᠠᠷ ᠡᠵᠡᠯᠡᠨ᠂ 2 ᠲᠦᠮᠡᠨ ᠮᠠᠰᠢᠨ ᠤ ᠬᠤᠷᠭᠤ ᠪᠦᠬᠦᠢ ᠲᠤᠭ᠎ᠠ ᠪᠠᠷᠢᠮᠲᠠ ᠶᠢᠨ ᠲᠥᠪ᠂ ᠠᠭᠠᠷ ᠤᠨ ᠳᠠᠷᠤᠯᠲᠠᠲᠤ ᠮᠠᠰᠢᠨ ᠤ ᠠᠵᠤ ᠠᠬᠤᠢ ᠶᠢᠨ ᠵᠢᠭᠠᠯᠲᠠ ᠲᠤᠭ᠎ᠠ᠂ ᠴᠤᠪᠤᠷᠠᠯ ᠤᠨ ᠠᠵᠢᠯ ᠲᠥᠷᠥᠯ ᠵᠡᠷᠭᠡ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂ BIM ᠠᠵᠤ ᠦᠢᠯᠡᠰ ᠢ ᠪᠦᠲᠦᠭᠡᠨ ᠪᠠᠶᠢᠭᠤᠯᠵᠤ᠂ ᠡᠭᠦᠨ ᠳᠤ ᠲᠤᠭ᠎ᠠ ᠪᠠᠷᠢᠮᠲᠠ ᠶᠢᠨ ᠲᠥᠪ ᠤᠨ ᠣᠷᠣᠨ ᠪᠦᠰᠡ᠂ ᠦᠢᠯᠡᠳᠪᠦᠷᠢᠯᠡᠯ ᠡᠵᠡᠩᠨᠡᠯᠲᠡ ᠶᠢᠨ ᠲᠥᠪ ᠤᠨ ᠣᠷᠣᠨ ᠪᠦᠰᠡ᠂ ᠠᠮᠢᠳᠤᠷᠠᠯ ᠤᠨ ᠦᠢᠯᠡᠴᠢᠯᠡᠭᠡᠨ ᠤ ᠲᠥᠪ ᠤᠨ ᠣᠷᠣᠨ ᠪᠦᠰᠡ᠂ ᠨᠣᠭᠤᠭᠠᠷᠠᠭᠤᠯᠤᠯᠲᠠ ᠰᠡᠯᠡᠭᠦᠴᠡᠯ ᠤᠨ ᠣᠷᠣᠨ ᠪᠦᠰᠡ ᠵᠡᠷᠭᠡ ᠪᠠᠭᠲᠠᠨ᠎ᠠ᠃      ᠡᠨᠡ ᠵᠢᠯ ᠤᠨ 4 ᠳ᠋ᠦ᠋ᠭᠡᠷ ᠰᠠᠷ᠎ᠠ ᠶᠢᠨ 30 ᠤ ᠡᠳᠦᠷ᠂ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠳ᠋ᠦᠩ ᠹᠠᠩ ᠭᠦᠸᠧ ᠰᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ︵1 # ᠲᠤᠭ᠎ᠠ ᠪᠠᠷᠢᠮᠲᠠ ᠶᠢᠨ ᠲᠥᠪ︶ ᠳᠤ ᠠᠮᠠᠯᠠᠯᠲᠠ ᠶᠢᠨ ᠳᠦᠷᠢᠮ ᠤᠨ ᠲᠥᠷᠥᠯ ᠵᠦᠢᠯ ᠤᠨ ᠪᠠᠷᠢᠯᠭ᠎ᠠ ᠶᠢᠨ ᠮᠡᠳᠡᠭᠳᠡᠯ ᠤᠨ ᠪᠢᠴᠢᠭ ᠬᠢᠨᠠᠨ ᠣᠯᠭᠤᠵᠤ᠂ ᠲᠥᠷᠥᠯ ᠵᠦᠢᠯ ᠤᠨ ᠤᠷᠢᠳᠴᠢᠯᠠᠨ ᠠᠵᠢᠯ ᠡᠬᠢᠯᠡᠭᠦᠯᠵᠦ ᠪᠦᠲᠦᠭᠡᠨ ᠪᠠᠶᠢᠭᠤᠯᠬᠤ ᠶᠢ ᠵᠥᠪᠰᠢᠶᠡᠷᠡᠨ᠂ 10 ᠳ᠋ᠤᠭᠠᠷ ᠰᠠᠷ᠎ᠠ ᠶᠢᠨ 21 ᠤ ᠡᠳᠦᠷ᠂ ᠲᠥᠷᠥᠯ ᠵᠦᠢᠯ ᠨᠢ ᠵᠢᠩᠬᠢᠨᠢ ᠪᠠᠷ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢᠶᠠᠨ ᠣᠯᠪᠠ︔ 10 ᠳ᠋ᠤᠭᠠᠷ ᠰᠠᠷ᠎ᠠ ᠶᠢᠨ 30 ᠤ ᠡᠳᠦᠷ᠂ ᠲᠥᠷᠥᠯ ᠵᠦᠢᠯ ᠤᠨ ᠭᠤᠤᠯ ᠴᠣᠭᠴᠠ ᠶᠢᠨ ᠠᠰᠠᠷ ᠤᠨ ᠣᠷᠣᠢ ᠶᠢ ᠠᠳᠠᠭᠠᠷᠯᠠᠪᠠ᠃      ᠤᠯᠠᠮᠵᠢᠯᠠᠯᠲᠤ ᠬᠢᠨᠠᠨ ᠵᠥᠪᠰᠢᠶᠡᠷᠡᠬᠦ ᠵᠠᠭᠪᠤᠷ ᠲᠠᠢ ᠬᠠᠷᠢᠴᠠᠭᠤᠯᠪᠠᠯ᠂ ᠠᠮᠠᠯᠠᠯᠲᠠ ᠶᠢᠨ ᠳᠦᠷᠢᠮ ᠢᠶᠠᠷ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠶᠢ 6 ᠰᠠᠷ᠎ᠠ ᠰᠢᠬᠠᠮ ᠠᠷᠪᠢᠯᠠᠵᠤ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠠᠷᠪᠢᠯᠠᠨ ᠥᠭᠴᠥ᠂ ᠠᠵᠤ ᠠᠬᠤᠶᠢᠯᠠᠯ ᠳᠤ ᠦᠨᠡᠨ ᠪᠣᠳᠠᠲᠠᠶ ᠳᠥᠭᠦᠮ ᠦᠵᠡᠭᠦᠯᠪᠡ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ