ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠦᠬᠡᠬᠤᠳᠠ | ᠠᠵᠦ ᠦᠢᠯᠡᠳᠪᠦᠷᠢ ᠶᠢᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠦᠷᠬᠡᠳᠬᠡᠨ ᠠᠬᠢᠭᠤᠯᠬᠤ | ᠬᠦᠴᠦᠳᠡᠢ ᠠᠷᠭ᠎ᠠ ᠬᠡᠮᠵᠢᠶ᠎ᠡ ᠠᠪᠴᠤ᠂ ᠪᠦᠬᠦ ᠬᠤᠳᠠ ᠶᠢᠨ ᠤᠳᠤ ᠪᠠᠶᠢᠭ᠎ᠠ 10 ᠠᠵᠦ ᠦᠢᠯᠡᠳᠪᠦᠷᠢ ᠶᠢᠨ | ᠬᠦᠷᠢᠶᠡᠯᠡᠩ ᠲᠤᠭᠤᠷᠢᠬ ᠢᠶᠠᠨ ᠨᠡᠶᠢᠳᠬᠡᠬᠡᠳ 7 ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠪᠤᠯᠭᠠᠨ | ᠲᠣᠬᠢᠷᠠᠭᠤᠯᠬᠤ ᠪᠠᠷ ᠪᠣᠯᠪᠠ᠃ | ᠲᠤᠬᠢᠷᠠᠭᠤᠯᠤᠯᠳᠠ ᠬᠢᠵᠦ ᠨᠡᠶᠢᠳᠬᠡᠭᠰᠡᠨ ᠤ ᠲᠠᠷᠠᠭᠠᠬᠢ 7 ᠠᠵᠦ ᠦᠢᠯᠡᠳᠪᠦᠷᠢ ᠶᠢᠨ ᠬᠦᠷᠢᠶᠡᠯᠡᠩ | ᠲᠤᠭᠤᠷᠢᠬ ᠨᠢ ᠲᠤᠬᠠᠢᠢᠯᠠᠪᠠᠯ᠄ ᠬᠦᠬᠡᠬᠤᠳᠠ ᠶᠢᠨ ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠬ ᠪᠠ | ᠬᠥᠬᠡᠬᠤᠲᠠ ᠶᠢᠨ ᠶᠢᠨ ᠱᠠᠨ ᠲᠡᠬᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠭᠡᠬᠦ | ᠤᠯᠤᠰ ᠤᠨ ᠲᠡᠰ ᠤᠨ 2 ᠨᠡᠭᠡᠭᠡᠯᠲᠡ ᠶᠢᠨ ᠲᠣᠭᠤᠷᠢᠭ ᠵᠢᠴᠢ ᠬᠥᠬᠡᠬᠤᠲᠠ ᠶᠢᠨ ᠴᠡᠯᠡᠭᠡᠷ ᠲᠠᠯ᠎ᠠ ᠰᠦ ᠶᠢᠨ | ᠦᠢᠯᠡᠰ ᠤᠨ ᠨᠡᠬᠡᠬᠡᠯᠳᠡ ᠶᠢᠨ ᠲᠤᠭᠤᠷᠢᠬ᠂ ᠬᠦᠬᠡᠬᠤᠳᠠ ᠶᠢᠨ ᠬᠤᠷᠢᠨᠬᠡᠷ ᠰᠦ ᠶᠢᠨ ᠦᠢᠯᠡᠰ ᠤᠨ ᠨᠡᠬᠡᠬᠡᠯᠳᠡ ᠶᠢᠨ | ᠲᠤᠭᠤᠷᠢᠬ᠂ ᠦᠪᠦᠷ ᠮᠣᠩᠭᠤᠯ ᠤᠨ ᠲᠤᠬᠳᠠᠬᠤ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ᠂ ᠦᠪᠦᠷ | ᠮᠣᠩᠭᠤᠯ ᠤᠨ ᠦᠴᠤᠧᠠᠨ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠪᠠᠭᠲᠠᠭᠠᠭᠰᠠᠨ ᠥᠪᠡᠷᠲᠡᠭᠡᠨ ᠵᠠᠰᠠᠬᠤ | ᠣᠷᠣᠨ ᠤ ᠲᠡᠰ ᠤᠨ 4 ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠬᠢᠬᠡᠳ ᠥᠪᠥᠷ ᠮᠣᠩᠭᠤᠯ ᠤᠨ ᠴᠢᠩ | ᠱᠦᠢ ᠾᠧ ᠠᠵᠦ ᠦᠢᠯᠡᠳᠪᠦᠷᠢ ᠶᠢᠨ ᠨᠡᠬᠡᠬᠡᠯᠳᠡ ᠶᠢᠨ ᠲᠤᠭᠤᠷᠢᠬ ᠬᠡᠬᠦ ᠬᠤᠳᠠ ᠶᠢᠨ ᠲᠡᠰ ᠤᠨ 1 ᠠᠵᠤ | ᠦᠢᠯᠡᠳᠪᠦᠷᠢ ᠶᠢᠨ ᠨᠡᠭᠡᠭᠡᠯᠲᠡ ᠶᠢᠨ ᠲᠣᠭᠤᠷᠢᠭ ᠢ ᠪᠠᠭᠲᠠᠭᠠᠨ᠎ᠠ᠃ | ᠡᠨᠡ ᠤᠳᠠᠭ᠎ᠠ ᠬᠦᠬᠡᠬᠤᠳᠠ ᠪᠠᠰᠠ ᠬᠤᠩ ᠱᠧᠩ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ᠂ ᠶᠢᠨ | ᠬᠠᠢ ᠠᠵᠦ ᠦᠢᠯᠡᠳᠪᠦᠷᠢ ᠶᠢᠨ ᠲᠤᠭᠤᠷᠢᠬ᠂ ᠢᠤᠢ ᠯᠦᠩ ᠠᠵᠦ ᠦᠢᠯᠡᠳᠪᠦᠷᠢ ᠶᠢᠨ ᠨᠡᠬᠡᠬᠡᠯᠳᠡ ᠶᠢᠨ ᠲᠤᠭᠤᠷᠢᠬ᠂ | ᠶᠢᠨ ᠴᠢᠶᠤᠤ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠬᠠᠰᠤᠭᠰᠠᠨ ᠪᠠᠶᠢᠨ᠎ᠠ᠃ | ᠠᠵᠦ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠶᠢᠳᠭᠡᠭᠰᠡᠨ ᠤ ᠳᠠᠷᠠᠭ᠎ᠠ᠂ ᠠᠵᠦ ᠦᠢᠯᠡᠳᠪᠦᠷᠢ ᠶᠢᠨ | ᠬᠦᠷᠢᠶᠡᠯᠡᠩ ᠲᠤᠭᠤᠷᠢᠬ ᠪᠦᠷᠢ 1 — 2 ᠭᠤᠤᠯᠯᠠᠬᠤ ᠠᠵᠦ ᠦᠢᠯᠡᠰ ᠢ ᠲᠤᠭᠳᠠᠭᠠᠨ᠂ ᠭᠤᠤᠯᠯᠠᠬᠤ ᠠᠵᠦ | ᠦᠢᠯᠡᠰ ᠤᠨ ᠵᠢᠯ ᠤᠨ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠢᠶᠠᠨ ᠠᠯᠬᠤᠮ ᠠᠯᠬᠤᠮ ᠢᠶᠠᠷ 60% ᠶᠢ | ᠲᠠᠪᠠᠭᠤᠯᠬᠤ ᠶᠢᠨ ᠬᠠᠮᠳᠤ ᠳᠤᠨᠢ ᠴᠦᠬᠡᠨ ᠲᠤᠭᠠᠨ ᠤ ᠤᠨᠴᠠᠯᠢᠬᠳᠤ ᠠᠵᠦ ᠦᠢᠯᠡᠰ ᠢ ᠨᠡᠶᠢᠳᠬᠡᠨ ᠢᠵᠢ | ᠪᠦᠷᠢᠳᠦᠬᠦᠯᠵᠦ᠂ ᠠᠵᠦ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯᠯᠠᠬᠤ ᠠᠵᠦ ᠦᠢᠯᠡᠰ ᠤᠨ ᠪᠠᠶᠢᠷᠢ | ᠲᠤᠭᠳᠠᠭᠠᠯᠳᠠ ᠪᠠᠨ ᠴᠢᠨᠠᠬᠰᠢᠳᠠ ᠲᠤᠳᠤᠷᠬᠠᠢᠢᠯᠠᠨ᠂ ᠢᠵᠢᠯᠢᠰᠢᠭᠰᠡᠨ ᠦᠷᠢᠰᠦᠯᠳᠦᠬᠡᠨ ᠠᠴᠠ ᠵᠠᠶᠢᠯᠬᠤ ᠪᠣᠯᠣᠨ᠎ᠠ᠃ | ᠨᠡᠶᠢᠳᠬᠡᠬᠦ ᠪᠠᠷ ᠲᠠᠮᠵᠢᠵᠦ᠂ ᠬᠦᠬᠡᠬᠤᠳᠠ ᠪᠠᠰᠠ ᠠᠵᠦ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠪᠠᠶᠢᠷᠢ ᠲᠤᠬᠳᠠᠭᠠᠯᠳᠠ ᠶᠢ ᠴᠢᠨᠠᠬᠰᠢᠳᠠ | ᠰᠢᠯᠢᠳᠡᠭᠵᠢᠬᠦᠯᠦᠨ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠬᠢᠬᠡᠳ ᠵᠠᠰᠠᠬ ᠵᠠᠬᠢᠷᠭᠠᠨ ᠤ ᠤᠷᠤᠨ ᠤ | ᠨᠢᠬᠡᠳᠦᠯᠳᠡᠢ ᠵᠣᠬᠢᠴᠠᠭᠤᠯᠭ᠎ᠠ ᠶᠢ ᠴᠢᠩᠭᠠᠳᠬᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠠᠷᠠᠯᠵᠢᠶᠠᠴᠢᠨ ᠤᠷᠢᠵᠦ ᠪᠡᠯᠡ ᠮᠦᠩᠬᠦ ᠤᠷᠤᠭᠤᠯᠤᠨ ᠠᠪᠴᠢᠷᠠᠬᠤ᠂ ᠰᠠᠭᠤᠷᠢ ᠲᠦᠬᠦᠬᠡᠷᠦᠮᠵᠢ ᠶᠢᠨ ᠪᠦᠲᠦᠬᠡᠨ | ᠪᠠᠶᠢᠭᠤᠯᠤᠯᠳᠠ ᠶᠢ ᠴᠢᠩᠭᠠᠳᠬᠠᠬᠤ ᠵᠡᠷᠬᠡ ᠡᠬᠦᠷᠬᠡ ᠴᠢᠳᠠᠪᠤᠷᠢ ᠶᠢ ᠤᠯᠠᠮ ᠲᠤᠪᠤᠶᠢᠯᠭᠠᠨ᠂ ᠠᠵᠦ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠤᠳᠤᠨᠠᠬᠢ ᠨᠡᠶᠢᠬᠡᠮ ᠤᠨ ᠬᠠᠮᠢᠶᠠᠷᠤᠯᠳᠠ᠂ ᠤᠯᠠᠨ ᠨᠡᠶᠢᠳᠡ ᠶᠢᠨ ᠦᠢᠯᠡᠴᠢᠯᠡᠭᠡ ᠪᠠ | ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠵᠡᠷᠬᠡ ᠶᠠᠪᠤᠳᠠᠯ ᠢ ᠬᠠᠷᠢᠶ᠎ᠠ ᠭᠠᠵᠠᠷ ᠤᠨ ᠵᠠᠰᠠᠭ ᠤᠨ ᠤᠷᠳᠤᠨ ᠠᠴᠠ | ᠬᠠᠮᠢᠶᠠᠷᠬᠤ ᠪᠣᠯᠭᠠᠨ᠎ᠠ᠃ ᠪᠠᠰᠠ ᠠᠵᠦ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠤᠳᠠᠳᠠᠶᠢᠴᠢᠯᠠᠬᠰᠠᠨ | ᠦᠬᠡᠷᠡᠴᠢᠯᠡᠯᠳᠡ ᠬᠢᠬᠦ ᠶᠢ ᠵᠤᠷᠢᠬᠵᠢᠭᠤᠯᠤᠨ᠂ ᠭᠤᠤᠯᠯᠠᠬᠤ ᠠᠵᠦ ᠦᠢᠯᠡᠰ ᠤᠨ ᠬᠦᠭᠵᠢᠯᠳᠡ ᠶᠢᠨ ᠪᠤᠳᠠᠳᠠᠢ | ᠬᠡᠷᠡᠭᠴᠡᠭᠡ ᠶᠢᠨ ᠲᠤᠭᠤᠷᠢᠨ ᠳᠠᠭᠠᠨ ᠤᠨᠴᠠᠯᠢᠬ ᠢᠶᠠᠨ ᠲᠤᠪᠤᠶᠢᠯᠭᠠᠨ᠂ ᠠᠷᠠᠯᠵᠢᠶᠠᠴᠢᠨ ᠤᠷᠢᠬᠤ᠂ ᠠᠵᠦ ᠦᠢᠯᠡᠰ ᠤᠨ | ᠬᠦᠭᠵᠢᠯᠳᠡ ᠳᠤ ᠦᠢᠯᠡᠴᠢᠯᠡᠬᠦ ᠲᠤᠰᠬᠠᠢᠢᠵᠢᠬᠰᠠᠨ ᠪᠠᠶᠢᠭᠤᠯᠤᠮᠵᠢ ᠶᠢ ᠲᠣᠬᠢᠷᠠᠭᠤᠯᠬᠤ ᠪᠠᠷ ᠪᠠᠶᠢᠨ᠎ᠠ᠃ | ᠬᠦᠬᠡᠬᠤᠳᠠ ᠵᠢᠯ ᠪᠦᠷᠢ ᠠᠵᠦ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠴᠢᠨᠠᠷ ᠰᠠᠶᠢᠳᠠᠢ ᠬᠦᠭᠵᠢᠬᠦᠯᠬᠦ | ᠲᠤᠰᠬᠠᠢ ᠲᠥᠷᠥᠯ ᠤᠨ ᠪᠡᠯᠡ ᠮᠦᠩᠬᠦ ᠲᠤᠬᠢᠷᠠᠭᠤᠯᠵᠦ᠂ ᠠᠵᠦ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠳᠠ ᠶᠢ ᠪᠦᠷᠢᠨᠰᠢᠬᠦᠯᠬᠦ᠂ ᠠᠵᠦ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠶᠡᠷᠦᠩᠬᠡᠶᠢᠯᠡᠭᠰᠡᠨ ᠲᠠᠭᠠᠭᠠᠯᠳᠠ ᠶᠢᠨ ᠴᠢᠳᠠᠪᠤᠷᠢ ᠶᠢ ᠲᠡᠭᠡᠭᠰᠢᠯᠡᠬᠦᠯᠬᠦ᠂ ᠠᠵᠦ ᠦᠢᠯᠡᠳᠪᠦᠷᠢ ᠶᠢᠨ | ᠬᠦᠷᠢᠶᠡᠯᠡᠩ ᠲᠤᠭᠤᠷᠢᠬ ᠤᠨ ᠪᠤᠬᠢᠷᠳᠤᠯ ᠦᠬᠡᠢ ᠦᠢᠯᠡᠳᠬᠡᠯ ᠤᠨ ᠰᠢᠰᠲ᠋ᠧᠮ ᠢ ᠡᠬᠦᠳᠦᠨ ᠪᠠᠶᠢᠭᠤᠯᠬᠤ ᠳᠤ | ᠬᠡᠷᠡᠭᠯᠡᠬᠦ ᠶᠢᠨ ᠤᠯᠠᠮ ᠢᠶᠠᠷ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠤᠨ ᠠᠵᠦ ᠦᠢᠯᠡᠰ ᠤᠨ ᠲᠡᠰ | ᠲᠠᠪᠰᠢᠯᠳᠠ ᠶᠢ ᠲᠦᠷᠬᠡᠳᠬᠡᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠪᠠᠶᠢᠨ᠎ᠠ᠃ |