︽ᠪᠠᠭ᠎ᠠ ᠴᠠᠰᠤ︾ ᠳᠤ ᠴᠠᠰᠤᠨ ᠢ ᠥᠭᠦᠯᠡᠬᠦᠢ
ᠨᠡᠶᠢᠲᠡᠯᠡᠭᠰᠡᠨ ᠴᠠᠭ᠄
2020/11/23
    ᠥᠴᠥᠭᠡᠳᠦᠷ ᠪᠣᠯ ᠬᠤᠷᠢᠨ ᠳᠥᠷᠪᠡᠨ ᠴᠠᠭ ᠤᠯᠠᠷᠢᠯ ᠤᠨ ᠳᠣᠲᠣᠷᠠᠬᠢ ᠪᠠᠭ᠎ᠠ ᠴᠠᠰᠤ ᠪᠣᠯᠣᠨ᠎ᠠ᠂ ᠪᠠᠭ᠎ᠠ ᠴᠠᠰᠤᠨ ᠤ ᠡᠮᠦᠨ᠎ᠡ ᠡᠳᠦᠷ᠂ ᠮᠠᠨ ᠤ ᠣᠷᠣᠨ ᠳᠤ ᠴᠠᠰᠤ ᠤᠷᠤᠵᠤ᠂ ᠬᠡᠦᠬᠡᠳ ᠤᠳ ᠴᠠᠰᠤᠨ ᠤ ᠳᠠᠷᠠᠭᠠᠬᠢ ᠦᠵᠡᠮᠵᠢ ᠶᠢ ᠰᠣᠨᠢᠷᠬᠠᠬᠤ ᠶᠢᠨ ᠬᠠᠮᠲᠤ᠂ ︽ᠴᠠᠰᠤᠨ︾ ᠤ ᠡᠨᠡ ᠬᠦ ᠠᠭᠤᠷ ᠠᠮᠢᠰᠬᠤᠯ ᠤᠨ ᠦᠵᠡᠭᠳᠡᠯ ᠢ ᠰᠣᠨᠢᠭᠤᠴᠢᠯᠠᠪᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠰᠠᠶᠢᠨ ᠬᠢᠵᠦ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠬᠡᠦᠬᠡᠳ ᠠᠴᠠ ᠡᠬᠢᠯᠡᠨ ᠲᠦᠭᠡᠮᠡᠯᠵᠢᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠪᠣᠯᠣᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠬᠠᠮᠲᠤᠷᠠᠨ 2020 ᠣᠨ ᠤ 38 ᠳ᠋ᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠢ ᠵᠣᠬᠢᠶᠠᠨ ᠪᠠᠶᠢᠭᠤᠯᠵᠤ᠂ ︽ᠴᠠᠰᠤ︾ ᠪᠠᠷ ᠰᠡᠳᠦᠪᠯᠡᠭᠰᠡᠨ ᠨᠢᠭᠡ ᠴᠠᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠨᠢᠷᠬᠠᠯᠲᠠᠢ ᠲᠠᠶᠢᠯᠤᠮᠵᠢ ᠬᠢᠪᠡ᠃ ᠲᠠᠶᠢᠯᠤᠮᠵᠢ ᠳᠤᠮᠳᠠ ᠂ ᠲᠠᠶᠢᠯᠪᠤᠷᠢᠯᠠᠭᠴᠢ ᠠᠴᠠ ᠭᠠᠷ ᠤᠷᠠᠯᠠᠯ᠂ ᠳᠦᠷᠰᠦ ᠪᠢᠴᠢᠯᠭᠡ᠂ ᠲᠤᠬᠠᠢ ᠶᠢᠨ ᠲᠠᠯᠠᠪᠠᠢ ᠳᠤ  ᠦᠵᠡᠭᠦᠯᠬᠦ᠂ ᠱᠠᠩᠨᠠᠯ  ᠲᠠᠢ ᠠᠰᠠᠭᠤᠯᠲᠠ ᠬᠠᠷᠢᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠪᠢᠴᠢᠬᠠᠨ ᠨᠥᠬᠦᠳ ᠲᠤ ᠴᠠᠭ ᠠᠭᠤᠷ ᠤᠨ ᠮᠡᠳᠡᠯᠭᠡ ᠶᠢ ᠲᠠᠶᠢᠯᠪᠤᠷᠢᠯᠠᠪᠠ᠃ 200 ᠭᠠᠷᠤᠢ ᠪᠢᠴᠢᠬᠠᠨ ᠨᠥᠬᠦᠳ ᠪᠠ ᠭᠡᠷ ᠤᠨ ᠠᠬᠠᠮᠠᠳ ᠲᠠᠶᠢᠯᠪᠤᠷᠢ ᠶᠢ ᠰᠣᠨᠣᠰᠴᠠᠢ᠃ ᠰᠤᠷᠪᠤᠯᠵᠢᠯᠠᠭᠴᠢ ᠮᠢᠶᠥᠥ ᠴᠢᠩ  ᠴᠢᠮᠡᠭᠡᠯᠡᠭᠴᠢ ᠸᠠᠩ ᠵᠧᠨ ᠬᠠᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号