ᠬᠥᠬᠡᠬᠤᠲᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠵᠠᠬ᠎ᠠ ᠳᠡᠯᠭᠡᠭᠦᠷ ᠤᠨ ᠴᠡᠭᠴᠡᠯᠡᠯᠳᠡ ᠶᠢᠨ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/23
      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠰᠤᠷᠪᠤᠯᠵᠢᠯᠠᠭᠴᠢ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠣᠶᠢᠯᠠᠭᠠᠭᠰᠠᠨ ᠢᠶᠠᠷ᠂ 2020 ᠣᠨ ᠤ 9 ᠰᠠᠷ᠎ᠠ ᠶᠢᠨ 8 ᠤ ᠡᠳᠦᠷ ᠠᠴᠠ 2021 ᠣᠨ  ᠤ 3 ᠰᠠᠷ᠎ᠠ ᠶᠢᠨ 30 ᠤ ᠡᠳᠦᠷ ᠪᠣᠯᠲᠠᠯ᠎ᠠ᠂ ᠬᠦᠬᠡᠬᠤᠳᠠ ᠪᠦᠬᠦ ᠬᠤᠲᠠ ᠶᠢᠨ ᠬᠡᠪᠴᠢᠶᠡᠨ ᠳᠤ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠵᠠᠬ᠎ᠠ ᠳᠡᠯᠭᠡᠭᠦᠷ ᠤᠨ ᠴᠡᠭᠴᠡᠯᠡᠯᠲᠡ ᠶᠢᠨ ᠲᠤᠰᠬᠠᠢ ᠠᠵᠢᠯᠯᠠᠭ᠎ᠠ ᠥᠷᠨᠢᠭᠦᠯᠦᠨ᠎ᠡ᠃      ᠣᠯᠠᠨ ᠲᠤᠰᠬᠠᠶ ᠮᠡᠷᠭᠡᠵᠢᠯ ᠤᠨ ᠬᠦᠷᠢᠶᠡᠨ ᠳᠠᠬᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢ ᠰᠣᠩᠭᠤᠨ ᠰᠢᠯᠵᠢᠭᠦᠯᠵᠦ ᠲᠤᠰᠬᠠᠶ ᠲᠦᠷᠦᠯ ᠤᠨ ᠪᠠᠶᠢᠴᠠᠭᠠᠬᠤ ᠳᠤᠭᠤᠶᠢᠯᠠᠩ ᠪᠣᠯᠭᠠᠨ ᠵᠣᠬᠢᠶᠠᠨ ᠪᠠᠶᠢᠭᠤᠯᠵᠤ ᠴᠡᠭᠴᠡᠯᠡᠬᠦ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠪᠡ᠃ 9 ᠰᠠᠷ᠎ᠠ ᠶᠢᠨ 25 ᠤ ᠡᠳᠦᠷ ᠪᠣᠯᠲᠠᠯ᠎ᠠ᠂ ᠲᠤᠰᠬᠠᠶ ᠲᠦᠷᠦᠯ ᠤᠨ ᠪᠠᠶᠢᠴᠠᠭᠠᠬᠤ ᠳᠤᠭᠤᠶᠢᠯᠠᠩ ᠬᠤᠶᠠᠳᠤᠭᠠᠷ ᠳᠡᠰ ᠠᠴᠠ ᠳᠡᠭᠡᠭᠰᠢᠬᠢ 9 ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠳᠤ ᠬᠢᠨᠠᠯᠲᠠ ᠪᠠᠶᠢᠴᠠᠭᠠᠯᠲᠠ ᠬᠢᠪᠠ᠃ ᠲᠤᠰ ᠤᠳᠠᠭᠠᠨ ᠤ ᠲᠤᠰᠬᠠᠶ ᠠᠵᠢᠯᠯᠠᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠭᠤᠣᠯᠳᠠᠯᠭ᠎ᠠ ᠳᠤ ᠬᠢᠵᠢᠭ ᠤᠨ ᠪᠠᠶᠢᠳᠠᠯ ᠤᠨ ᠳᠣᠣᠷ᠎ᠠ ᠤᠷᠢᠳᠴᠢᠯᠠᠨ ᠪᠠᠶᠢᠴᠠᠭᠠᠵᠤ ᠲᠤᠰᠠᠭᠠᠷᠯᠠᠨ ᠡᠮᠨᠡᠬᠦ ᠠᠵᠢᠯ᠂ ᠬᠠᠯᠳᠠᠪᠤᠷᠢᠲᠤ ᠡᠪᠡᠳᠴᠢᠨ ᠬᠢᠵᠢᠭ ᠤᠨ ᠮᠡᠳᠡᠭᠦᠯᠦᠯᠲᠡ ᠶᠢᠨ ᠪᠠᠶᠢᠳᠠᠯ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠪᠠᠶᠢᠳᠠᠯ᠂ ᠬᠠᠤᠯᠢ ᠪᠤᠰᠤ ᠪᠠᠷ ᠡᠮᠴᠢᠯᠡᠬᠦ ᠪᠠᠶᠢᠳᠠᠯ᠂ ᠬᠡᠪᠴᠢᠶ᠎ᠡ ᠠᠴᠠ ᠬᠡᠲᠦᠷᠡᠭᠦᠯᠦᠨ ᠣᠨᠣᠰᠢᠯᠠᠨ ᠡᠮᠨᠡᠬᠦ ᠪᠠᠶᠢᠳᠠᠯ᠂  ᠬᠥᠩᠭᠡᠵᠢᠬᠦ ᠠᠴᠠ ᠡᠮᠦᠨ᠎ᠡ ᠰᠢᠭᠰᠢᠨ ᠪᠠᠶᠢᠴᠠᠭᠠᠬᠤ ᠪᠠ ᠬᠥᠩᠭᠡᠵᠢᠬᠦ ᠠᠴᠠ ᠡᠮᠦᠨᠡᠬᠢ ᠣᠨᠣᠰᠢᠯᠠᠬᠤ᠂ ᠬᠥᠮᠦᠨ ᠤ ᠬᠦᠴᠦ ᠪᠠᠷ ᠵᠢᠷᠮᠦᠰᠦᠯᠡᠬᠦ ᠶᠢ ᠵᠣᠭᠰᠣᠭᠠᠬᠤ ᠮᠡᠰᠡ ᠵᠠᠰᠠᠯ ᠵᠡᠷᠭᠡ ᠪᠠᠭᠲᠠᠨ᠎ᠠ᠃      ᠲᠤᠰᠬᠠᠶ ᠲᠦᠷᠦᠯ ᠤᠨ ᠠᠵᠢᠯᠯᠠᠭᠠᠨ ᠤ ᠳᠤᠮᠳᠠ᠂ ᠣᠨᠴᠠ ᠵᠠᠷᠢᠮ ᠡᠮᠴᠢᠯᠡᠭᠡᠨ ᠤ ᠪᠠᠶᠢᠭᠤᠯᠤᠮᠵᠢ ᠳᠤ ᠤᠷᠤᠰᠢᠵᠦ ᠪᠠᠶᠢᠬᠤ ᠠᠰᠠᠭᠤᠳᠠᠯ ᠢ ᠢᠯᠡᠷᠡᠬᠦᠯᠦᠭᠰᠡᠨ ᠤ ᠳᠠᠷᠠᠭ᠎ᠠ᠂ ᠲᠤᠰᠬᠠᠶ ᠲᠦᠷᠦᠯ ᠤᠨ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠠᠰᠠᠭᠤᠳᠠᠯ ᠢ ᠲᠤᠬᠠᠢ ᠶᠢᠨ ᠭᠠᠵᠠᠷ ᠲᠤᠨᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠲᠤᠨᠢ ᠥᠭᠡᠷᠡᠴᠢᠯᠡᠬᠦ ᠶᠢ ᠱᠠᠭᠠᠷᠳᠠᠪᠠ︔ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠠᠰᠠᠭᠤᠳᠠᠯ ᠢ ᠨᠢ ᠡᠮᠴᠢᠯᠡᠭᠡᠨ ᠤ ᠪᠠᠶᠢᠭᠤᠯᠤᠮᠵᠢ ᠳᠤ ᠠᠯᠪᠠᠨ ᠪᠢᠴᠢᠭ ᠢᠶᠠᠷ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠬᠤᠭᠤᠴᠠᠭ᠎ᠠ ᠬᠢᠵᠠᠭᠠᠷ ᠪᠠ ᠬᠠᠷᠢᠭᠤᠴᠠᠯᠭ᠎ᠠ ᠶᠢ ᠳᠤᠳᠤᠷᠬᠠᠢᠢᠯᠠᠵᠠᠢ︔ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠨᠢ ᠨᠡᠯᠢᠶᠡᠳ ᠬᠦᠨᠳᠦ ᠪᠠᠶᠢᠭ᠎ᠠ ᠠᠰᠠᠭᠤᠳᠠᠯ ᠢ ᠬᠢᠨᠠᠮᠠᠭᠠᠶ ᠪᠠᠶᠢᠴᠠᠭᠠᠵᠤ ᠭᠡᠷᠡᠴᠢ ᠠᠪᠬᠤ ᠪᠠᠷ ᠳᠠᠮᠵᠢᠨ᠂ 4 ᠡᠮᠴᠢᠯᠡᠭᠡᠨ ᠤ ᠪᠠᠶᠢᠭᠤᠯᠤᠮᠵᠢ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠦᠭᠪᠡ᠃ ᠳᠠᠷᠠᠭᠠᠴᠢ ᠶᠢᠨ ᠠᠯᠬᠤᠮ ᠳᠤ᠂ ᠲᠤᠰᠬᠠᠶ ᠪᠠᠶᠢᠴᠠᠭᠠᠯᠲᠠ ᠶᠢᠨ ᠳᠤᠭᠤᠶᠢᠯᠠᠩ ᠠᠰᠠᠭᠤᠳᠠᠯ  ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠬᠢᠨᠠᠨ ᠵᠢᠯᠣᠭᠤᠳᠬᠤ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号