ᠦᠴᠤᠸᠠᠨ ᠰᠢᠶᠠᠨ ᠤᠯᠤᠰ ᠠᠷᠠᠳ ᠤᠨ ᠰᠤᠷᠭᠠᠨ ᠬᠥᠮᠦᠵᠢᠯ ᠢ ᠴᠢᠩᠭᠠᠳᠬᠠᠬᠤ ︽ᠳᠤᠮᠳᠠᠳᠤ ᠶᠢᠨ ᠵᠡᠭᠦᠳᠦ · ᠴᠡᠷᠢᠭ ᠢ ᠬᠦᠴᠦᠷᠬᠡᠭᠵᠢᠭᠦᠯᠬᠦ ᠵᠡᠭᠦᠳᠦ︾ ᠲᠤᠰᠬᠠᠶ ᠰᠡᠳᠦᠪᠲᠦ ᠦᠳᠡᠰᠢᠯᠡᠭᠡ ᠡᠷᠭᠢᠯᠡᠪᠡ
ᠨᠡᠶᠢᠲᠡᠯᠡᠭᠰᠡᠨ ᠴᠠᠭ᠄
2020/11/24
     ᠮᠠᠨ ᠤ ᠰᠢᠶᠠᠨ ᠤ ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠶᠢ ᠴᠢᠩᠭᠠᠳᠬᠠᠵᠤ᠂ ᠬᠤᠪᠢᠰᠬᠠᠯᠲᠤ ᠪᠠᠭᠠᠲᠤᠷᠯᠢᠭ ᠦᠵᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠨᠳᠦᠰᠦᠨ ᠮᠡᠳᠡᠯᠭᠡ ᠶᠢ ᠣᠶᠢᠯᠭᠠᠨ ᠡᠵᠡᠮᠰᠢᠵᠦ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠤᠬᠠᠮᠰᠠᠷ ᠠᠴᠠ ᠪᠠᠨ ᠭᠦᠢᠴᠡᠳᠭᠡᠬᠦ ᠪᠤᠯᠭᠠᠬᠤ ᠶᠢᠨ ᠲᠤᠰᠠᠲᠠ᠂ 11 ᠰᠠᠷ᠎ᠠ ᠶᠢᠨ 19 ᠤ ᠡᠳᠦᠷ ᠮᠠᠨ ᠤ ᠰᠢᠶᠠᠨ ᠴᠢᠩ ᠱᠠᠨ ᠠᠭᠤᠳᠠᠮ ᠲᠠᠯᠠᠪᠠᠢ ᠳᠤ ᠤᠯᠤᠰ ᠠᠷᠠᠳ ᠤᠨ ᠰᠤᠷᠭᠠᠨ ᠬᠥᠮᠦᠵᠢᠯ ᠤᠨ ︽ᠳᠤᠮᠳᠠᠳᠤ ᠤᠯᠤᠰ ᠤᠨ ᠵᠡᠭᠦᠳᠦ · ᠴᠡᠷᠢᠭ ᠢ ᠬᠦᠴᠦᠷᠬᠡᠭᠵᠢᠭᠦᠯᠬᠦ ᠵᠡᠭᠦᠳᠦ︾ ᠶᠢ ᠴᠢᠩᠭᠠᠳᠬᠠᠬᠤ ᠲᠤᠰᠬᠠᠢ ᠰᠡᠳᠦᠪᠲᠦ ᠦᠳᠡᠰᠢᠯᠡᠭᠡ ᠡᠷᠬᠢᠯᠡᠪᠡ᠃      ᠣᠶᠢᠯᠭᠠᠭᠰᠠᠨ ᠢᠶᠠᠷ ᠲᠤᠰ ᠤᠳᠠᠭᠠᠨ ᠤ ᠲᠤᠰᠬᠠᠶ ᠰᠡᠳᠦᠪᠲᠦ ᠦᠳᠡᠰᠢᠯᠡᠭᠡ ᠨᠢ ᠬᠤᠪᠢᠰᠬᠠᠯ ᠤᠨ ᠦᠯᠢᠭᠡᠷ ᠪᠣᠯᠤᠨ ᠴᠡᠷᠢᠭ ᠤᠨ ᠰᠣᠶᠣᠯ ᠢᠶᠠᠷ ᠭᠤᠤᠯ ᠰᠢᠵᠢᠮ ᠪᠤᠯᠭᠠᠵᠤ᠂ ᠪᠥᠵᠢᠭᠲᠦ ᠵᠦᠴᠦᠭᠡ ︽ᠰᠢ ᠬᠠᠶ ᠶᠢᠨ ᠴᠤᠤᠷᠢᠶ᠎ᠠ︾ ᠂ ᠴᠡᠷᠢᠭ ᠤᠨ ᠬᠤᠸᠠᠷᠠᠨ ᠤ ᠠᠬᠤᠢ ᠪᠠᠶᠢᠳᠠᠯ ᠢᠶᠠᠷ ᠠᠷᠤ ᠦᠵᠡᠭᠳᠡᠯ ᠪᠤᠯᠭᠠᠭᠰᠠᠨ ᠵᠦᠴᠦᠭᠡ ︽ᠬᠡᠨ ᠬᠠᠮᠤᠭ ᠤᠨ ᠬᠥᠭᠡᠷᠦᠬᠦᠨ ᠬᠥᠮᠦᠨ ᠪᠣᠢ︾᠂ ᠴᠡᠷᠢᠭ ᠤᠨ ᠬᠤᠸᠠᠷᠠᠨ ᠤ ᠱᠤᠭ ᠵᠥᠴᠦᠭᠡ ︽ᠭᠡᠷ ᠪᠦᠯᠢ ᠶᠢᠨ ᠬᠤᠷᠠᠯ︾᠂ ᠡᠷᠦᠬᠡ ᠶᠢᠨ ᠴᠡᠷᠢᠭ ᠤᠨ ᠮᠡᠷᠭᠡᠵᠢᠯ ᠤᠨ ᠲᠣᠭᠯᠠᠯᠲᠠ ︽ᠬᠥᠮᠦᠨ ᠤ ᠪᠡᠶ᠎ᠡ ᠶᠢᠨ ᠬᠦᠴᠦᠨ ᠤ ᠳᠦᠷᠰᠦ ᠪᠦᠲᠦᠭᠡᠯᠲᠡ︾ ᠪᠠ ᠳᠠᠭᠤᠤ ︽ᠴᠡᠷᠢᠭ ᠪᠣᠯᠤᠭᠰᠠᠨ ᠬᠥᠮᠦᠨ︾ ᠵᠡᠷᠭᠡ ᠲᠣᠭᠯᠠᠯᠲᠠ ᠨᠢ ᠡᠯᠪᠡᠭ ᠪᠠᠶᠠᠯᠢᠭ ᠤᠷᠠᠯᠢᠭ ᠤᠨ ᠬᠡᠯᠪᠡᠷᠢ ᠪᠠᠷ ᠦᠵᠡᠭᠴᠢᠳ ᠲᠤ ᠵᠥᠪ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠶᠢᠯᠠᠭᠠᠭᠳᠠᠬᠤᠨ ᠪᠠ ᠡᠬᠡ ᠣᠷᠣᠨᠴᠢ ᠦᠵᠡᠯ ᠰᠠᠨᠠᠭ᠎ᠠ ᠶᠢ ᠳᠠᠮᠵᠢᠭᠤᠯᠵᠠᠶ᠃ ᠲᠣᠭᠯᠠᠯᠲᠠ ᠶᠢᠨ ᠳᠤᠮᠳᠠ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠣᠯᠤᠨ ᠰᠠᠶᠢᠨ ᠦᠨᠡᠯᠡᠯᠲᠡ ᠶᠢ ᠣᠯᠵᠠᠶ᠃      ᠲᠤᠰ ᠤᠳᠠᠭᠠᠨ ᠤ ᠰᠤᠷᠭᠠᠨ ᠬᠥᠮᠦᠵᠢᠯ ᠤᠨ ᠲᠤᠰᠬᠠᠶ ᠰᠡᠳᠦᠪᠲᠦ ᠦᠳᠡᠰᠢᠯᠡᠭᠡ ᠶᠢᠨ ᠤᠬᠠᠭᠤᠯᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠨ ᠤᠯᠤᠰ ᠤᠨ ᠠᠰᠢᠭ ᠲᠤᠰᠠ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠨᠡᠩ ᠰᠠᠶᠢᠨ ᠤᠬᠠᠵᠤ ᠮᠡᠳᠡᠭᠰᠡᠨ ᠪᠥᠭᠡᠳ ᠳᠤᠮᠳᠠᠳᠤ ᠶᠢᠨ ᠦᠨᠳᠦᠰᠦᠲᠡᠨ ᠤ ᠲᠥᠪᠯᠡᠩᠭᠦᠶ ᠬᠦᠴᠦᠨ ᠢ ᠴᠢᠩᠭᠠᠳᠬᠠᠬᠤ ᠳᠤ ᠠᠰᠢᠭᠲᠠᠢ᠂ ᠴᠡᠷᠢᠭ ᠵᠠᠰᠠᠭ ᠴᠡᠷᠢᠭ ᠠᠷᠠᠳ ᠢ ᠨᠡᠩ ᠪᠠᠲᠤ ᠪᠠᠬᠢ ᠪᠦᠯᠬᠦᠮᠳᠡᠭᠦᠯᠵᠦ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠢ ᠬᠠᠮᠲᠤ ᠪᠠᠷ ᠲᠡᠷᠭᠡᠯᠰᠢᠭᠦᠯᠬᠦ᠂ ᠴᠡᠷᠢᠭ ᠢ ᠬᠦᠴᠦᠷᠬᠡᠭᠵᠢᠭᠦᠯᠬᠦ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠭᠦᠨ ᠵᠤᠵᠠᠭᠠᠨ ᠠᠤᠭ᠎ᠠ ᠬᠦᠴᠦᠨ ᠢ ᠨᠢᠭᠲᠠᠷᠠᠭᠤᠯᠪᠠ᠃ ︵ᠰᠤᠷᠪᠤᠯᠵᠢᠯᠠᠭᠴᠢ᠄ ᠴᠢᠶᠣᠤ ᠵᠧᠨ ᠢᠦᠶ    ᠯᠢ ᠶᠣᠣ ᠬᠤᠸᠠ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号