ᠵᠠᠩ ᠪᠠᠢ ᠴᠧᠩ᠄ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ ᠣᠯᠠᠨ ᠲᠦᠮᠡᠨ ᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2020/11/24
    11  ᠳ᠋ᠤᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂  ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠶ ᠴᠧᠩ  ᠲᠠᠭᠠᠭᠠᠴᠢᠯᠠᠨ ᠬᠠᠷᠢᠯᠴᠠᠬᠤ ᠵᠠᠬᠢᠳᠠᠯ ᠰᠤᠷᠪᠤᠯᠵᠢᠯᠠᠭ᠎ᠠ ᠶᠢᠨ ᠤᠴᠢᠷ ᠶᠠᠪᠤᠳᠠᠯ  ᠢ ᠰᠢᠢᠳᠪᠦᠷᠢᠯᠡᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠡᠶ᠎ᠡ ᠵᠣᠬᠢᠴᠠᠯ ᠲᠠᠢ ᠲᠤᠭᠲᠠᠭᠤᠨ ᠨᠡᠶᠢᠭᠡᠮ ᠤᠨ ᠣᠷᠴᠢᠨ ᠢ ᠪᠤᠢ ᠪᠤᠯᠭᠠᠬᠤ ᠬᠡᠷᠡᠭᠲᠡᠢ ᠭᠡᠵᠡᠢ᠃      ᠵᠠᠩ ᠪᠠᠢ ᠴᠧᠩ ᠤᠷᠢᠳ ᠬᠤᠵᠢᠳ ᠬᠥᠬᠡᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ᠂ ᠵᠠᠬᠢᠳᠠᠯ  ᠰᠣᠷᠪᠤᠯᠵᠢᠯᠠᠭ᠎ᠠ ᠶᠢ ᠬᠦᠯᠢᠶᠡᠨ ᠠᠪᠬᠤ ᠲᠢᠩᠬᠢᠮ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ  ᠭᠡᠷ ᠵᠡᠷᠭᠡ ᠭᠠᠵᠠᠷ ᠲᠤ ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠢ ᠬᠦᠯᠢᠶᠡᠨ ᠠᠪᠬᠤ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠤᠴᠢᠷ ᠶᠠᠪᠤᠳᠠᠯ ᠢ ᠰᠢᠢᠳᠪᠦᠷᠢᠯᠡᠭᠰᠡᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  ᠳᠠᠷᠠᠭ᠎ᠠ ᠨᠢ᠂ ᠵᠠᠩ  ᠪᠠᠢ ᠴᠧᠩ ᠢᠦᠶ ᠱᠧᠩ ᠷᠦ᠋ ᠢ ᠸᠠᠨ ᠤ ᠲᠥᠷᠥᠯ ᠵᠦᠢᠯ ᠤᠨ ᠬᠤᠷᠢᠶᠠᠯᠠᠯ ᠳᠤ ᠬᠦᠷᠴᠦ ᠂ ᠲᠥᠷᠥᠯ ᠵᠦᠢᠯ ᠳᠤ ᠬᠤᠯᠪᠣᠭᠳᠠᠭᠰᠠᠨ ︽ᠪᠤᠴᠠᠭᠠᠨ ᠨᠡᠭᠦᠯᠭᠡᠬᠦ ᠳᠤ ᠬᠦᠴᠢᠷᠲᠡᠶ︾ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠰᠢᠢᠳᠪᠦᠷᠢᠯᠡᠬᠦ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠢᠦᠶ ᠱᠧᠩ ᠷᠦ᠋ ᠢ ᠸᠠᠨ ᠤ ᠲᠥᠷᠥᠯ ᠵᠦᠢᠯ ᠢ 2013 ᠣᠨ ᠳᠤ ᠨᠡᠭᠡᠭᠡᠨ ᠪᠦᠲᠦᠭᠡᠨ ᠪᠠᠶᠢᠭᠤᠯᠵᠤ᠂ ᠣᠳᠣᠬᠠᠨ ᠪᠣᠯᠲᠠᠯ᠎ᠠ ᠬᠡᠷᠡᠭᠯᠡᠭᠦᠯᠬᠦ ᠪᠠᠷ ᠲᠤᠰᠢᠶᠠᠭᠠᠳᠤᠶ ᠪᠠᠶᠢᠵᠤ᠂ ᠪᠥᠬᠦ ᠬᠤᠲᠠ ᠶᠢᠨ ᠬᠡᠷ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠳᠤ ᠵᠢᠭᠰᠠᠭᠠᠭᠳᠠᠪᠠ᠃ ᠵᠠᠩ ᠪᠠᠢ ᠴᠧᠩ ᠲᠤᠬᠠᠶ ᠶᠢᠨ ᠲᠠᠯᠠᠪᠤᠷ ᠲᠤ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ᠂ ᠵᠠᠬᠢᠳᠠᠯ ᠰᠤᠷᠪᠤᠯᠵᠢᠯᠠᠭ᠎ᠠ ᠬᠢᠭᠰᠡᠳ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠶᠢᠨ ᠬᠢᠨ ᠲᠠᠢ ᠶᠠᠷᠢᠯᠴᠠᠵᠤ᠂ ᠵᠠᠬᠢᠳᠠᠯ ᠰᠣᠷᠪᠤᠯᠵᠢᠯᠠᠭ᠎ᠠ ᠶᠢᠨ ᠶᠠᠪᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠬᠤ ᠶᠢᠨ ᠬᠠᠮᠲᠤ᠂ ᠲᠠᠷᠠᠭᠠᠴᠢ ᠶᠢᠨ ᠬᠤᠷᠢᠶᠠᠯᠠᠯ ᠤᠨ ᠰᠠᠭᠤᠭᠠᠯᠢ ᠠᠷᠠᠳ ᠤᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠬᠠᠷᠢᠶ᠎ᠠ ᠣᠷᠣᠨ ᠤ ᠰᠤᠷᠭᠠᠭᠤᠯᠢ ᠶᠢ ᠲᠣᠬᠢᠷᠠᠭᠤᠯᠤᠨ ᠪᠠᠶᠢᠭᠤᠯᠬᠤ ᠵᠡᠷᠭᠡ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠳᠤ ᠪᠣᠳᠠᠲᠠᠶ ᠱᠠᠭᠠᠷᠳᠠᠯᠭ᠎ᠠ ᠲᠤᠷᠠᠳᠴᠠᠢ᠃   ᠵᠠᠩ  ᠪᠠᠢ ᠴᠧᠩ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠣᠯᠠᠨ ᠲᠦᠮᠡᠨ ᠤ ᠠᠵᠢᠯ᠂ ᠠᠷᠠᠳ ᠲᠦᠮᠡᠨ ᠤ ᠠᠰᠢᠭ ᠲᠤᠰᠠ ᠶᠢ ᠲᠡᠭᠡᠳᠦᠯᠡᠬᠦ ᠶᠢ ᠢᠮᠠᠭᠲᠠ ᠪᠠᠷᠢᠮᠳᠠᠯᠠᠵᠤ᠂ ᠬᠠᠶᠢᠷ᠎ᠠ ᠰᠡᠳᠬᠢᠯᠭᠡ ᠪᠣᠯᠤᠨ ᠬᠠᠷᠢᠭᠤᠴᠠᠯᠭ᠎ᠠ ᠲᠠᠢ ᠪᠠᠷ  ᠦᠨᠡᠨ ᠰᠡᠳᠬᠢᠯ ᠠᠴᠠ ᠪᠠᠨ ᠦᠨᠡᠨᠬᠦ ᠴᠢᠷᠮᠠᠶᠢᠵᠤ ᠤᠯᠠᠨ ᠲᠦᠮᠡᠨ ᠤ ᠬᠦᠴᠢᠷ ᠵᠤᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠶ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠮᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠵᠥᠷᠢᠴᠡᠯ ᠢ ᠠᠷᠢᠯᠭᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠶᠠᠰᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠡᠢ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠳᠤ ᠣᠷᠣᠯᠴᠠᠵᠠᠶ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号