ᠸᠠᠩ ᠯᠢ ᠰᠢᠶᠠ᠄ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠪᠠᠷᠢᠮᠵᠢᠶ᠎ᠠ ᠪᠣᠯᠭᠠᠨ ᠣᠯᠠᠨ ᠲᠦᠮᠡᠨ ᠤ ᠲᠤᠯᠭᠠᠮᠳᠠᠵᠤ ᠵᠣᠪᠠᠵᠤ ᠬᠦᠴᠢᠷᠳᠡᠵᠦ ᠬᠦᠰᠡᠵᠦ ᠰᠠᠨᠠᠭᠰᠠᠨ ᠤᠴᠢᠷ ᠶᠠᠪᠤᠳᠠᠯ ᠢ ᠦᠨᠡᠨ ᠰᠡᠳᠬᠢᠯ ᠠᠴᠠ ᠪᠠᠨ ᠦᠨᠡᠨᠬᠦ ᠴᠢᠷᠮᠠᠶᠢᠵᠤ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2020/11/24
      11 ᠳ᠋ᠤᠭᠡᠷ ᠰᠠᠷ᠎ᠠ ᠶᠢᠨ 23 ᠤ ᠡᠳᠦᠷ᠂ ᠦᠨᠳᠦᠰᠦᠨ ᠱᠠᠲᠤᠨ ᠤ ᠣᠯᠠᠨ ᠲᠦᠮᠡᠨ ᠤ ᠲᠤᠯᠭᠠᠮᠳᠠᠵᠤ ᠵᠣᠪᠠᠵᠤ ᠬᠦᠴᠢᠷᠳᠡᠵᠦ ᠬᠦᠰᠡᠵᠦ ᠰᠠᠨᠠᠭᠰᠠᠨ ᠤᠴᠢᠷ ᠶᠠᠪᠤᠳᠠᠯ ᠢ ᠠᠬᠢᠭᠤᠯᠤᠭᠰᠠᠨ ᠪᠠᠶᠢᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ  ᠪᠠᠶᠢᠴᠠᠭᠠᠨ ᠰᠤᠳᠤᠯᠵᠤ ᠰᠤᠷᠪᠤᠯᠵᠢᠯᠠᠵᠤ ᠶᠠᠪᠤᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠮᠠᠨ ᠤ ᠠᠵᠢᠯ ᠤᠨ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠤ ᠰᠠᠨᠠᠭᠠᠰᠢᠷᠠᠵᠤ ᠵᠣᠪᠠᠨᠢᠬᠤ ᠶᠠᠪᠤᠳᠠᠯ ᠢ ᠦᠨᠡᠨ ᠰᠡᠳᠬᠢᠯ ᠠᠴᠠ ᠪᠠᠨ ᠦᠨᠡᠨᠬᠦ  ᠴᠢᠷᠮᠠᠶᠢᠨ ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠶ ᠭᠡᠵᠡᠢ᠃   ᠲᠤᠰ ᠡᠳᠦᠷ᠂ ᠸᠠᠩ ᠯᠢ ᠰᠢᠶᠠ ᠤᠷᠢᠳ ᠬᠤᠵᠢᠳ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠠᠮ ᠤᠨ ᠲᠤᠤ ᠶᠤᠸᠠᠨ ᠬᠤᠷᠢᠶᠠᠯᠠᠯ᠂ ᠶᠢᠨ ᠴᠢᠶᠣᠤ ᠭᠠᠶᠢᠯᠢ ᠶᠢᠨ ᠶᠠᠪᠤᠳᠠᠯ ᠤᠨ ᠬᠤᠷᠢᠶᠠᠯᠠᠯ ᠵᠢᠴᠢ ᠵᠠᠮ ᠬᠠᠷᠢᠯᠴᠠᠭᠠᠨ ᠤ ᠰᠤᠷᠭᠠᠭᠤᠯᠢ ᠶᠢᠨ ᠨᠤᠷᠠᠭᠠᠵᠤ ᠨᠡᠭᠦᠯᠭᠡᠬᠦ ᠡᠷᠭᠢᠯᠲᠡ ᠶᠢᠨ ᠭᠡᠷ ᠢᠶᠠᠷ ᠬᠦᠷᠴᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠣᠶᠢᠯᠠᠭᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠪᠠ᠃     ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠣᠯ ᠮᠠᠨ ᠤ ᠠᠵᠢᠯ ᠬᠢᠵᠦ ᠦᠢᠯᠡᠰ ᠪᠣᠰᠬᠠᠬᠤ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠪᠣᠯᠤᠨ᠎ᠠ᠂ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠰᠠᠶᠢᠨ ᠡᠰᠡᠬᠦ᠂ ᠪᠤᠳᠠᠳᠠᠢ ᠡᠰᠡᠬᠦ ᠶᠢ ᠡᠵᠡᠮᠰᠢᠬᠦ ᠳᠤ ᠣᠯᠠᠨ ᠲᠦᠮᠡᠨ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠪᠠᠳᠤᠵᠢᠭᠤᠯᠵᠤ᠂ ᠨᠢᠭᠡᠳᠦᠭᠡᠷ ᠹᠷᠤᠨᠲ ᠲᠡᠶᠢᠰᠢ ᠬᠠᠷᠠᠵᠤ᠂ ᠨᠢᠭᠡᠳᠦᠭᠡᠷ ᠹᠷᠤᠨᠲ ᠤᠷᠤᠭᠤ ᠶᠠᠪᠤᠵᠤ᠂ ᠬᠠᠮᠤᠭ ᠤᠨ ᠦᠨᠡᠨ ᠪᠣᠳᠠᠲᠠᠶ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠤᠶᠢᠯᠠᠭᠠᠨ ᠡᠵᠡᠮᠰᠢᠵᠦ᠂ ᠣᠯᠠᠨ ᠲᠦᠮᠡᠨ ᠢ ᠭᠠᠴᠢᠭᠳᠠᠭᠤᠯᠵᠤ  ᠪᠠᠶᠢᠭ᠎ᠠ ᠲᠦᠭᠵᠢᠷᠡᠯ ᠲᠠᠢ᠂ ᠵᠤᠪᠠᠭᠤᠷᠢ ᠲᠠᠢ ᠠᠰᠠᠭᠤᠳᠠᠯ ᠢ ᠬᠦᠨᠵᠡᠭᠡᠢ᠂ ᠣᠨᠣᠪᠴᠢᠲᠠᠶ ᠡᠷᠢᠵᠦ᠂ ᠣᠯᠠᠨ ᠲᠦᠮᠡᠨ ᠤ ᠬᠠᠷᠠᠭᠠᠰᠤ ᠵᠣᠭᠰᠣᠯᠲᠠ ᠠᠴᠠ ᠣᠯᠠᠨ ᠲᠦᠮᠡᠨ ᠤ ᠲᠥᠯᠥᠭᠡ ᠠᠵᠢᠯ ᠶᠠᠪᠤᠳᠠᠯ ᠬᠢᠵᠦ᠂ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠬᠦ ᠬᠡᠷᠡᠭᠲᠡᠶ ᠭᠡᠵᠡᠢ᠃     ᠸᠠᠩ ᠯᠢ ᠰᠢᠶᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠤᠯ  ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠰᠡᠳᠬᠢᠯ ᠳᠡᠭᠡᠨ ᠦᠨᠳᠦᠰᠦᠯᠡᠭᠦᠯᠵᠦ᠂  ᠪᠣᠳᠠᠳᠠᠢ ᠳᠤ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨᠬᠦ ᠪᠣᠳᠠᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠲᠤᠰᠬᠠᠭᠰᠠᠨ ᠲᠤᠯᠭᠠᠮᠳᠠᠵᠤ ᠵᠣᠪᠠᠵᠤ ᠬᠦᠴᠢᠷᠳᠡᠵᠦ ᠬᠦᠰᠡᠵᠦ ᠰᠠᠨᠠᠭᠰᠠᠨ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠵᠦ᠂ ᠣᠯᠠᠨ ᠲᠦᠮᠡᠨ ᠢ ᠨᠠᠩ ᠢᠯᠡᠭᠦᠦ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠡᠢ᠃   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠡᠤ ᠸᠧᠨ ᠮᠢᠩ  ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠰᠤᠷᠪᠤᠯᠵᠢᠯᠠᠭᠴᠢ ᠹᠧᠩ ᠶᠠᠨ ᠫᠢᠩ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号