ᠤᠰᠤ ᠠᠷᠪᠢᠯᠠᠬᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠶ᠎ᠠ
ᠨᠡᠶᠢᠲᠡᠯᠡᠭᠰᠡᠨ ᠴᠠᠭ᠄
2020/11/24
      ᠣᠶᠢᠷ᠎ᠠ ᠳᠤ᠂ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠢᠨ  ᠯᠢᠥᠢ ᠳ᠋ᠢ ᠪᠠᠭ᠎ᠠ ᠰᠤᠷᠭᠠᠭᠤᠯᠢ ᠶᠢᠨ ᠲᠧᠩ ᠹᠸᠢ ᠵᠠᠮ ᠤᠨ ᠰᠤᠷᠭᠠᠭᠤᠯᠢ ᠶᠢᠨ ᠲᠣᠭᠤᠷᠢᠭ  ︽ᠤᠰᠤ ᠠᠷᠪᠢᠯᠠᠬᠤ ᠠᠵᠢᠯᠯᠠᠭ᠎ᠠ ᠥᠷᠨᠢᠭᠦᠯᠵᠦ᠂ ᠤᠰᠤ ᠠᠷᠪᠢᠯᠠᠬᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠶ᠎ᠠ︾  ᠭᠡᠬᠦ ᠭᠤᠣᠯ ᠰᠡᠳᠦᠪ ᠢᠶᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠶ᠃ ᠲᠣᠰ ᠰᠤᠷᠭᠠᠭᠤᠯᠢ ᠶᠢᠨ ᠲᠣᠭᠤᠷᠢᠭ ᠨᠢ ᠠᠩᠭᠢ ᠪᠠᠷ ᠨᠢᠭᠡᠴᠢ ᠪᠣᠯᠭᠠᠵᠤ᠂ 21 ᠰᠣᠷᠣᠭᠴᠢ ᠶᠢ ᠰᠤᠩᠭᠤᠵᠤ ︽ ᠤᠰᠤ ᠠᠷᠪᠢᠯᠠᠬᠤ ᠡᠯᠴᠢᠨ︾ ᠪᠣᠯᠭᠠᠪᠠ᠃ ᠰᠤᠷᠭᠠᠭᠤᠯᠢ ᠠᠴᠠ ︽ᠤᠰᠤ ᠠᠷᠪᠢᠯᠠᠬᠤ ᠡᠯᠴᠢᠨ︾ ᠨᠠᠷ ᠲᠤ ᠦᠨᠡᠮᠯᠡᠯ  ᠤᠯᠭᠤᠭᠰᠠᠨ ᠪᠦᠭᠡᠳ ᠰᠡᠳᠬᠢᠯ ᠢ ᠲᠤᠯᠠᠭᠠᠴᠠᠭᠤᠯᠬᠤ ᠪᠡᠯᠡᠭ ᠬᠥᠷᠭᠡᠵᠡᠢ᠃ ᠠᠵᠢᠯᠯᠠᠭ᠎ᠠ ᠶᠢᠨ ᠠᠬᠤᠶ ᠲᠠᠯᠠᠪᠠᠶ ᠳᠤ᠂ ︽ᠤᠰᠤ ᠠᠷᠪᠢᠯᠠᠬᠤ ᠡᠯᠴᠢᠳ︾ ᠭᠠᠷ ᠤᠨ ᠥᠰᠥᠭ ᠵᠢᠷᠤᠬᠤ ᠬᠡᠷᠡᠮ ᠲᠡᠭᠡᠷ᠎ᠡ ᠨᠡᠷ᠎ᠡ ᠪᠠᠨ ᠦᠯᠡᠳᠡᠭᠡᠵᠦ᠂ ᠨᠠᠩ ᠣᠯᠠᠨ ᠰᠣᠷᠣᠭᠴᠢ ᠶᠢᠨ ᠤᠰᠤ ᠠᠷᠪᠢᠯᠠᠵᠤ ᠤᠰᠤ ᠬᠠᠮᠠᠭᠠᠯᠠᠬᠤ ᠳᠠᠳᠬᠠᠯ ᠲᠠᠢ ᠪᠣᠯᠬᠤ ᠶᠢ ᠨᠢ ᠵᠣᠷᠢᠭᠵᠢᠭᠤᠯᠪᠠ᠃                            ᠰᠤᠷᠪᠤᠯᠵᠢᠯᠠᠭᠴᠢ ᠴᠡᠪᠡᠷᠬᠠᠰ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号