ᠬᠦᠬᠡᠬᠤᠳᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠦᠨᠡᠯᠡᠨ ᠬᠢᠨᠠᠪᠠ
ᠨᠡᠶᠢᠲᠡᠯᠡᠭᠰᠡᠨ ᠴᠠᠭ᠄
2020/11/24
      ᠦᠪᠦᠷ ᠮᠤᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠬᠥᠬᠡᠬᠤᠲᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠥᠭᠵᠢᠯᠲᠡ ᠶᠢᠨ ᠶᠠᠰᠤ ᠴᠢᠨᠠᠷ ᠪᠠ ᠡᠵᠡᠩᠨᠡᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠢᠷᠤᠮᠵᠢᠭᠰᠠᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠨᠢᠭᠡ ᠪᠦᠯᠦᠭ ᠦᠢᠯᠡᠳᠪᠦᠷᠢᠯᠡᠯ ᠪᠠᠷᠢᠮᠵᠢᠶᠠᠵᠢᠭᠰᠠᠨ᠂ ᠡᠵᠡᠩᠨᠡᠯᠲᠡ ᠬᠡᠪᠴᠢᠶᠡᠵᠢᠭᠰᠡᠨ᠂ ᠬᠠᠮᠢᠶᠠᠷᠤᠯᠲᠠ  ᠵᠢᠷᠤᠮᠵᠢᠭᠰᠠᠨ ᠵᠢᠱᠢᠶ᠎ᠡ ᠦᠵᠡᠭᠦᠯᠬᠦ  ᠴᠢᠨᠠᠷᠲᠠᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠲᠦᠷᠭᠡᠳᠬᠡᠨ ᠪᠤᠶᠢᠵᠢᠭᠤᠯᠵᠤ ᠪᠤᠢ᠃     ᠣᠶᠢᠷ᠎ᠠ ᠳᠤ᠂ ᠬᠦᠬᠡᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠦᠨᠡᠯᠡᠨ ᠬᠢᠨᠠᠬᠤ  ᠠᠵᠢᠯ ᠤᠨ ᠳᠤᠭᠤᠶᠢᠯᠠᠩ ᠢ ᠪᠠᠶᠢᠭᠤᠯᠵᠤ᠂ ᠢᠦ᠋ᠢᠴᠢᠤᠸᠠᠨ ᠲᠣᠭᠤᠷᠢᠭ ᠪᠠ ᠰᠠᠶᠢᠬᠠᠨ ᠲᠣᠭᠤᠷᠢᠭ ᠤᠨ 2020ᠣᠨ ᠳᠤ ᠬᠤᠲᠠ ᠶᠢᠨ ᠳᠡᠰ ᠤᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠ  ᠲᠥᠪ ᠤᠨ ᠭᠡᠷ   ᠪᠥᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠡᠳᠬᠦᠬᠦ ᠲᠥᠷᠥᠯ ᠵᠦᠢᠯ  ᠢᠶᠠᠷ ᠡᠷᠡᠮᠡᠯᠵᠡᠯᠡᠭᠰᠡᠨ 16 ᠬᠡᠷ ᠪᠥᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠦᠨᠡᠯᠡᠨ ᠬᠢᠨᠠᠪᠠ᠃ ᠲᠣᠰ ᠤᠳᠠᠭᠠᠨ ᠤ ᠦᠨᠡᠯᠡᠨ ᠬᠢᠨᠠᠯᠳᠠ ᠨᠢ ᠬᠦᠬᠡᠬᠤᠳᠠ ᠶᠢᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠴᠢᠨᠠᠷ ᠰᠠᠶᠢᠲᠠᠶ ᠬᠦᠭᠵᠢᠯᠲᠡ ᠶᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ‌‍ᠶᠢ ᠪᠤᠶᠢᠵᠢᠭᠤᠯᠬᠤ ᠲᠤ ᠢᠳᠡᠪᠬᠢᠲᠡᠶ ᠳᠠᠶᠢᠴᠢᠯᠠᠬᠤ ᠦᠢᠯᠡᠳᠦᠯ ᠦᠵᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号