ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ  ᠵᠣᠶᠢᠯ ᠤᠨ ᠵᠢᠵᠢᠭᠯᠡᠨ ᠬᠤᠳᠠᠯᠳᠤᠬᠤ ᠭᠤᠭᠴᠤᠭ᠎ᠠ ᠶᠢᠨ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/11/25
     ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠪᠣᠯᠤᠨ ᠡᠪᠦᠯ ᠤᠨ ᠤᠯᠠᠷᠢᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠦᠯᠦᠭᠡ᠂ ᠣᠶᠢᠷ᠎ᠠ ᠳᠤ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶᠠᠲᠤ ᠲᠤᠭᠤᠷᠢᠭ ᠤᠨ ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ ᠭᠤᠭᠴᠤᠭ᠎ᠠ ᠶᠢᠨ ᠡᠪᠦᠯ ᠤᠨ ᠤᠯᠠᠷᠢᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠲᠤᠰᠬᠠᠶ ᠪᠠᠶᠢᠴᠠᠭᠠᠯᠲᠠ ᠦᠷᠨᠢᠭᠦᠯᠪᠡ᠃
     ᠳᠡᠭᠡᠰᠦ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠪᠠᠶᠢᠴᠠᠭᠠᠯᠲᠠ ᠶᠢᠨ ᠭᠤᠤᠯᠳᠠᠯᠭ᠎ᠠ ᠨᠢ ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠠᠵᠢᠯᠲᠠᠨ ᠤ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠲᠦᠷᠢᠮ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠠᠷᠢᠭᠤᠳᠬᠠᠬᠤ ᠲᠦᠷᠢᠮ ᠢ ᠪᠠᠶᠢᠭᠤᠯᠤᠭᠰᠠᠨ ᠡᠰᠡᠬᠦ ᠶᠢ ᠪᠠᠶᠢᠴᠠᠭᠠᠵᠤ᠂ ᠦᠨᠡᠨ ᠪᠣᠳᠠᠲᠠᠶ ᠪᠠᠷ ᠲᠡᠮᠳᠡᠭᠯᠡᠯ ᠬᠢᠬᠦ ᠶᠢ ᠰᠢᠮᠳᠠᠭᠤᠯᠵᠣ︔ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠡᠮ ᠤᠨ ᠳᠡᠯᠭᠡᠭᠦᠷ ᠲᠤ ᠣᠷᠣᠵᠤ ᠪᠠᠶᠢᠭ᠎ᠠ ᠬᠥᠮᠦᠰ ᠤᠨ ᠪᠡᠶ᠎ᠡ ᠶᠢᠨ ᠳᠤᠯᠠᠭᠠᠨ ᠤ ᠬᠡᠮᠵᠢᠯᠲᠡ᠂ ᠠᠮᠠᠪᠴᠢ ᠵᠡᠭᠦᠬᠦ ᠶᠢ ᠰᠠᠨᠠᠭᠤᠯᠬᠤ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠵᠤ᠂ ᠪᠠᠰᠠ ᠬᠠᠨᠢᠶᠠᠳᠤ ᠶᠢ ᠵᠣᠭᠰᠣᠭᠠᠬᠤ᠂ ᠬᠠᠯᠠᠭᠤᠨ ᠢ ᠪᠠᠭᠤᠷᠠᠭᠤᠯᠬᠤ ᠡᠮ ᠬᠤᠳᠠᠯᠳᠤᠨ ᠠᠪᠬᠤ ᠳᠤ ᠪᠡᠶ᠎ᠡ ᠶᠢᠨ ᠦᠨᠡᠮᠯᠡᠯ ᠤᠨ ᠦᠨᠡᠨ ᠨᠡᠷ᠎ᠡ ᠪᠠᠷ ᠢᠶᠠᠨ ᠳᠠᠩᠰᠠᠯᠠᠬᠤ ᠶᠢ ᠰᠠᠶᠢᠲᠤᠷ ᠬᠢᠵᠦ᠂ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠪᠠᠺᠲ᠋ᠧᠷᠢ ᠡᠰᠡᠷᠭᠦᠴᠡᠬᠦ ᠡᠳ᠋᠂ ᠸᠢᠷᠦ᠋ᠰ ᠢ ᠡᠰᠡᠷᠭᠦᠴᠡᠬᠦ ᠵᠡᠷᠭᠡ ᠡᠮ ᠤᠨ ᠵᠦᠢᠯ ᠤᠨ ᠮᠡᠳᠡᠭᠡ ᠵᠠᠩᠭᠢ ᠶᠢᠨ ᠳᠠᠩᠰᠠᠯᠠᠯᠲᠠ ᠶᠢᠨ ᠬᠦᠰᠦᠨᠦᠭᠲᠦ︾ ᠶᠢ ᠲᠠᠭᠯᠠᠵᠤ᠂ ᠲᠡᠷᠡᠴᠢᠯᠡᠨ ᠪᠡᠶ᠎ᠡ ᠶᠢᠨ ᠦᠨᠡᠮᠯᠡᠯ᠂ ᠭᠠᠷ ᠤᠲᠠᠰᠤᠨ ᠤ ᠨᠣᠮᠧᠷ ᠵᠡᠷᠭᠡ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠠᠵᠢᠯᠲᠠᠨ ᠤ ᠮᠡᠳᠡᠭᠡ ᠵᠠᠩᠭᠢ ᠶᠢ ᠮᠥᠷᠳᠡᠨ ᠨᠡᠬᠡᠮᠵᠢᠯᠡᠵᠦ ᠪᠣᠯᠬᠤ ᠶᠢ ᠪᠡᠶᠡᠯᠡᠭᠦᠯᠦᠨ᠎ᠡ᠃
     ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠳᠡᠯᠭᠡᠭᠦᠷ ᠤᠨ ᠡᠵᠡᠩᠨᠡᠭᠴᠢ ᠶᠢ ᠡᠳᠦᠷ ᠪᠦᠷᠢ ᠪᠦᠷᠢᠳᠬᠡᠯ ᠤᠨ ᠪᠠᠶᠢᠳᠠᠯ ᠢᠶᠠᠨ ᠳᠡᠭᠡᠭᠰᠢ ᠮᠡᠳᠡᠭᠦᠯᠬᠦ ᠶᠢ ᠱᠠᠯᠠᠪᠳᠠᠭᠤᠯᠵᠤ᠂ ᠡᠮ ᠤᠨ ᠳᠡᠯᠭᠡᠭᠦᠷ ᠤᠨ ᠠᠵᠢᠯᠯᠠᠭᠴᠢᠳ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠠᠵᠢᠯ ᠲᠦᠷᠦᠯ ᠤᠨ ᠪᠡᠶ᠎ᠠ ᠪᠠᠨ ᠪᠠᠷᠢᠬᠤ ᠶᠢ ᠴᠢᠩᠭᠠᠳᠬᠠᠬᠤ ᠶᠢ ᠴᠢᠬᠤᠯᠠᠴᠢᠯᠠᠪᠠ᠃ ᠡᠮ ᠤᠨ ᠳᠡᠯᠭᠡᠭᠦᠷ ᠤᠨ ᠠᠵᠢᠯᠲᠠᠨ ᠬᠠᠯᠠᠭᠤᠷᠠᠭᠰᠠᠨ ᠡᠪᠡᠳᠴᠢᠲᠡᠨ ᠢ ᠮᠡᠳᠡᠭᠰᠡᠨ ᠤ ᠳᠠᠷᠠᠭ᠎ᠠ ᠬᠡᠷᠬᠢᠨ ᠳᠡᠭᠡᠭᠰᠢ ᠮᠡᠳᠡᠭᠦᠯᠬᠦ ᠠᠷᠭ᠎ᠠ ᠵᠠᠮ ᠪᠠ ᠰᠢᠢᠳᠪᠦᠷᠢᠯᠡᠬᠦ ᠠᠷᠭ᠎ᠠ ᠮᠠᠶ᠋ᠢᠭ ᠢ ᠰᠠᠶᠢᠨ ᠮᠡᠳᠡᠬᠦ ᠡᠰᠡᠬᠦ ᠶᠢ ᠯᠠᠪᠯᠠᠨ ᠠᠰᠠᠭᠤᠪᠠ᠃ ᠣᠳᠣᠬᠠᠨ ᠳᠤ ᠡᠨᠡᠬᠦ ᠠᠵᠢᠯ ᠶᠠᠭ ᠶᠠᠪᠤᠭᠳᠠᠵᠤ ᠪᠠᠶᠢᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号