ᠮᠠᠨ ᠤ ᠬᠤᠲᠠ ᠬᠠᠤᠯᠢᠵᠢᠭᠰᠠᠨ ᠵᠠᠰᠠᠭ ᠤᠨ ᠤᠷᠳᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠶᠠᠪᠤᠭᠳᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/11/25
      ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ  ︵ ᠰᠤᠷᠪᠤᠯᠵᠢᠯᠠᠭᠴᠢ  ᠯᠢᠶᠠᠩ ᠵᠢᠩ ᠱᠤ᠋︶  ᠮᠠᠨ ᠤ ᠬᠤᠲᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ᠂ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠪᠤᠯᠤᠨ ᠬᠡᠷᠡᠭᠯᠡᠭᠡᠨ ᠤ ᠤᠷᠴᠢᠨ ᠲᠤᠭᠤᠷᠢᠨ ᠢ ᠰᠢᠯᠢᠳᠡᠭᠵᠢᠭᠦᠯᠬᠦ   ᠪᠠᠷ ᠭᠠᠷᠳᠠᠴᠠ ᠪᠤᠯᠭᠠᠵᠦ᠂ ᠵᠠᠰᠠᠭ ᠤᠨ ᠤᠷᠳᠤᠨ ᠤ ᠴᠢᠳᠠᠪᠬᠢ ᠶᠢ ᠬᠠᠤᠯᠢ ᠶᠤᠰᠤᠭᠠᠷ ᠪᠦᠬᠦ ᠲᠠᠯ᠎ᠠ ᠪᠠᠷ ᠭᠦᠢᠴᠡᠳᠭᠡᠵᠦ᠂ ︽ᠬᠤᠤᠰ ᠲᠤᠬᠢᠶᠠᠯᠳᠤᠯ᠂ ᠨᠢᠭᠡ ᠢᠯᠡ︾ ︽ᠭᠡᠷᠡᠴᠢ ᠦᠨᠡᠮᠯᠡᠯ ᠢ ᠠᠩᠭᠢᠯᠠᠬᠤ᠂ ᠤᠯᠠᠨ ᠦᠨᠡᠮᠯᠡᠯ ᠢ ᠨᠢᠭᠡᠳᠭᠡᠬᠦ︾ ᠪᠤᠯᠤᠨ ᠠᠵᠦ ᠠᠬᠤᠶᠢᠯᠠᠯ ᠢ ᠪᠦᠷᠢᠳᠭᠡᠵᠦ ᠳᠠᠩᠰᠠᠯᠠᠬᠤ ᠶᠢ ᠡᠯᠧᠺᠲᠷᠤᠨᠴᠢᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠲᠦᠷᠢᠮ ᠵᠡᠷᠭᠡ ᠠᠵᠢᠯ ᠢ ᠯᠠᠪᠳᠠᠭᠤᠨ ᠶᠠᠪᠤᠭᠳᠠᠭᠤᠯᠵᠦ᠂ ᠬᠡᠷᠡᠭᠵᠢᠭᠦᠯᠬᠦ  ᠴᠢᠳᠠᠯ ᠪᠠ ᠦᠢᠯᠡᠴᠢᠯᠡᠬᠦ ᠴᠢᠳᠠᠯ ᠤᠨ ᠬᠤᠤᠰ ᠳᠡᠭᠡᠭᠰᠢᠯᠡᠯᠲᠡ ᠶᠢ ᠠᠬᠢᠭᠤᠯᠪᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠰᠠᠯᠠᠭ᠎ᠠ ᠮᠦᠴᠢᠷ ᠬᠤᠯᠪᠤᠭᠠᠯᠠᠨ ︽ᠬᠤᠤᠰ ᠲᠤᠬᠢᠶᠠᠯᠳᠤᠯ᠂ ᠨᠢᠭᠡ ᠢᠯᠡ︾ ᠬᠢᠨᠠᠵᠦ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠪᠠ᠃ ︽ᠬᠦᠬᠡᠬᠤᠲᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠬᠦᠷᠢᠶᠡᠨ ᠤ ᠰᠠᠯᠠᠭ᠎ᠠ ᠮᠦᠴᠢᠷ ᠬᠤᠯᠪᠤᠭᠠᠯᠠᠨ 『 ᠬᠤᠤᠰ ᠲᠤᠬᠢᠶᠠᠯᠳᠤᠯ᠂ ᠨᠢᠭᠡ ᠢᠯᠡ』 ᠬᠢᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠲᠤᠭᠲᠠᠭᠠᠵᠦ᠂ 7 ᠳ᠋ᠤᠭᠠᠷ ᠰᠠᠷ᠎ᠠ ᠠᠴᠠ ᠡᠬᠢᠯᠡᠨ ᠠᠯᠪᠠᠨ ᠶᠤᠰᠤᠭᠠᠷ ᠨᠡᠶᠢᠲᠡᠯᠡᠨ ᠬᠡᠷᠡᠭᠵᠢᠭᠦᠯᠪᠡ᠃ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠪᠠᠶᠢᠷᠢᠯᠡᠭᠤᠯᠤᠭᠰᠠᠨ ᠦᠭᠡᠷᠡᠴᠢᠯᠡᠯᠲᠡ ᠬᠦᠭᠵᠢᠭᠦᠯᠦᠯᠲᠡ᠂ ᠰᠤᠷᠭᠠᠨ ᠬᠦᠮᠤᠵᠢᠯ ᠵᠡᠷᠭᠡ 16 ᠰᠠᠯᠠᠭ᠎ᠠ ᠮᠦᠴᠢᠷ ᠤᠨ ᠰᠠᠭᠤᠷᠢᠨ ᠳᠡᠭᠡᠷ᠎ᠡ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠬᠠᠤᠯᠢ ᠴᠠᠭᠠᠵᠠ᠂ ᠡᠳ᠋ ᠤᠨ ᠵᠠᠰᠠᠭ᠂ ᠬᠤᠲᠠ ᠶᠢᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠂ ᠮᠦᠩᠭᠦᠨ ᠭᠦᠢᠯᠭᠡᠭᠡᠨ ᠤ ᠠᠯᠪᠠᠨ ᠭᠡᠷ ᠵᠡᠷᠭᠡ ᠳᠦᠷᠪᠡᠨ ᠰᠠᠯᠠᠭ᠎ᠠ ᠮᠦᠴᠢᠷ ᠢ ᠲᠤᠬᠢᠶᠠᠯᠳᠤᠯ ᠢᠶᠠᠷ ᠰᠤᠭᠤᠴᠠᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠤᠷᠤᠭᠤᠯᠵᠦ᠂ 20 ᠰᠠᠯᠠᠭ᠎ᠠ ᠮᠦᠴᠢᠷ ᠢᠶᠠᠷ ᠪᠦᠷᠢᠯᠳᠦᠭᠰᠡᠨ ᠰᠤᠭᠤᠴᠠᠨ ᠪᠠᠶᠢᠴᠠᠭᠠᠬᠤ ᠬᠠᠮᠳᠤᠷᠠᠭᠰᠠᠨ ᠬᠤᠷᠠᠯ ᠤᠨ ᠲᠤᠭᠤᠶᠢᠯᠠᠩ ᠪᠠᠶᠢᠭᠤᠯᠵᠠᠢ᠃『 ᠬᠤᠤᠰ ᠲᠤᠬᠢᠶᠠᠯᠳᠤᠯ᠂ ᠨᠢᠭᠡ ᠢᠯᠡ』 ᠬᠢᠨᠡᠯᠲᠡ ᠬᠠᠮᠢᠶᠠᠷᠤᠯᠲᠠ ᠶᠢ ᠬᠤᠲᠠ ᠶᠢᠨ ᠵᠠᠰᠠᠭ ᠤᠨ ᠤᠷᠳᠤᠨ ᠤ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠲᠦᠷᠦᠯ ᠵᠥᠢᠯ  ᠳᠤ ᠤᠷᠤᠭᠤᠯᠵᠦ᠂ ᠬᠢᠨᠠᠵᠦ ᠪᠠᠶᠢᠴᠠᠭᠠᠬᠤ ᠬᠢᠨᠠᠨ ᠰᠢᠯᠭᠠᠬᠤ ᠬᠡᠯᠪᠡᠷᠢ ᠪᠠᠷ ᠳᠠᠮᠵᠢᠨ ᠬᠤᠯᠪᠤᠭᠳᠠᠯ ᠪᠦᠬᠦᠢ ᠠᠵᠢᠯ ᠦᠷ᠎ᠡ ᠪᠦᠳᠦᠮᠵᠢᠲᠡᠢ ᠶᠠᠪᠤᠭᠳᠠᠬᠤ ᠶᠢ ᠠᠬᠢᠭᠤᠯᠬᠤ ᠪᠠᠷ ᠴᠢᠷᠮᠠᠶᠢᠪᠠ᠃ ᠤᠯᠤᠰ ᠤᠨ ᠠᠵᠦ ᠠᠬᠤᠶᠢᠯᠠᠯ ᠤᠨ ᠢᠳᠡᠭᠡᠮᠵᠢ ᠶᠢᠨ ᠰᠤᠷᠠᠭ ᠵᠠᠩᠭᠢ ᠶᠢᠨ ᠰᠢᠰᠲ᠋ᠧᠮ ᠤᠨ ᠦᠢᠯᠡᠳᠤᠯ ᠢ ᠬᠦᠢᠴᠡᠳ ᠠᠰᠢᠭᠯᠠᠵᠦ᠂ ᠠᠵᠦ ᠠᠬᠤᠶᠢᠯᠠᠯ ᠳᠤ ᠬᠤᠯᠪᠤᠭᠳᠠᠬᠤ ᠰᠤᠷᠠᠭ ᠵᠠᠩᠭᠢ ᠶᠢ ᠠᠵᠦ ᠠᠬᠤᠶᠢᠯᠠᠯ ᠤᠨ ᠨᠡᠷ᠎ᠡ ᠲᠤᠤᠷ᠎ᠠ ᠲᠦᠪᠯᠡᠷᠡᠭᠦᠯᠵᠦ᠂ ᠰᠠᠯᠠᠭ᠎ᠠ ᠮᠦᠴᠢᠷ ᠠᠯᠤᠰᠯᠠᠭᠰᠠᠨ᠂ ᠤᠷᠤᠨ ᠪᠦᠰᠡ ᠠᠯᠤᠰᠯᠠᠭᠰᠠᠨ᠂ ᠬᠦᠨᠳᠡᠯᠡᠨ ᠭᠤᠯᠳᠤ ᠪᠠᠷ ᠬᠤᠯᠪᠤᠭᠠᠯᠠᠭᠰᠠᠨ ᠰᠤᠷᠠᠭ ᠵᠠᠩᠭᠢ ᠶᠢ ᠬᠠᠮᠳᠤᠪᠠᠷ ᠡᠳ᠋ᠯᠡᠬᠦ ᠰᠤᠯᠢᠯᠴᠠᠭᠠᠨ ᠤ ᠲᠤᠭᠳᠠᠴᠠ ᠶᠢ ᠪᠤᠢ ᠪᠤᠯᠭᠠᠵᠦ᠂ ᠰᠤᠷᠠᠭ ᠵᠠᠩᠭᠢ ᠶᠢ ᠬᠠᠮᠳᠤᠪᠠᠷ ᠡᠳ᠋ᠯᠡᠬᠦ ᠪᠠ ᠢᠲᠡᠭᠡᠯ ᠠᠯᠲᠠᠭᠰᠠᠳ ᠢ ᠬᠤᠯᠪᠤᠭᠠᠯᠠᠨ ᠵᠠᠯᠬᠠᠭᠠᠬᠤ᠂ ᠬᠠᠷᠢᠯᠴᠠᠨ ᠮᠡᠳᠡᠷᠡᠵᠦ ᠬᠠᠷᠢᠯᠴᠠᠨ ᠬᠡᠷᠡᠭᠯᠡᠬᠦ ᠶᠢ  ᠪᠡᠶᠡᠯᠡᠭᠦᠯᠦᠭᠰᠡᠨ ᠪᠠᠶᠢᠨ᠎ᠠ᠃      ︽ᠭᠡᠷᠡᠴᠢ ᠦᠨᠡᠮᠯᠡᠯ ᠢ ᠠᠩᠭᠢᠯᠠᠬᠤ᠂ ᠤᠯᠠᠨ ᠦᠨᠡᠮᠯᠡᠯ ᠢ ᠨᠢᠭᠡᠳᠭᠡᠬᠦ︾ ᠪᠤᠯᠤᠨ ᠠᠵᠦ ᠠᠬᠤᠶᠢᠯᠠᠯ ᠤᠨ ᠪᠦᠷᠢᠳᠭᠡᠯ ᠢ ᠡᠯᠧᠺᠲᠷᠤᠨᠴᠢᠯᠠᠬᠦ ᠶᠢ  ᠠᠬᠢᠭᠤᠯᠵᠦ᠂ ᠴᠠᠭ ᠤᠨ ᠬᠢᠵᠠᠭᠠᠷ ᠢ ᠲᠤᠭᠲᠠᠭᠠᠵᠦ᠂ ᠬᠢᠨᠠᠵᠦ ᠵᠦᠪᠰᠢᠶᠡᠷᠡᠬᠦ ᠶᠠᠪᠤᠴᠠ ᠶᠢ ᠰᠢᠯᠢᠳᠡᠭᠵᠢᠭᠦᠯᠪᠠ᠃ ᠭᠤᠭᠴᠤᠭ᠎ᠠ ᠵᠠᠩᠬᠢᠯᠠᠭ᠎ᠠ ᠶᠢ ᠬᠠᠰᠤᠬᠤ᠂ ᠶᠠᠪᠤᠴᠠ ᠶᠢ ᠰᠢᠯᠢᠳᠡᠭᠵᠢᠭᠦᠯᠬᠦ᠂ ᠴᠠᠭ ᠬᠢᠵᠠᠭᠠᠷ ᠢ ᠪᠤᠭᠤᠨᠢᠰᠬᠠᠬᠤ᠂ ᠦᠷ᠎ᠡ ᠪᠦᠳᠦᠮᠵᠢ ᠶᠢ ᠳᠡᠭᠡᠭᠰᠢᠯᠡᠭᠦᠯᠬᠦ ᠳᠡᠭᠡᠷ᠎ᠡ ᠭᠤᠤᠯ ᠬᠦᠴᠦ ᠪᠠᠨ ᠲᠠᠯᠪᠢᠵᠦ᠂ ᠠᠵᠦ ᠠᠬᠤᠶᠢᠯᠠᠯ ᠤᠨ ︽ ᠪᠦᠬᠦ ᠶᠠᠪᠤᠴᠠ ᠶᠢ ᠡᠯᠧᠺᠲᠷᠤᠨᠴᠢᠯᠠᠨ ᠳᠠᠩᠰᠠᠯᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠡᠭᠡᠷ᠎ᠡ ᠬᠠᠭᠠᠰ ᠵᠢᠯ ᠳᠤ᠂ ᠪᠦᠬᠦ ᠶᠠᠪᠤᠴᠠ ᠶᠢ ᠡᠯᠧᠺᠲᠷᠤᠨᠴᠢᠯᠠᠨ ᠭᠦᠢᠴᠡᠳᠭᠡᠬᠦ ᠪᠠᠷ ᠳᠠᠮᠵᠢᠨ᠂ 27431  ᠠᠵᠦ ᠠᠬᠤᠶᠢᠯᠠᠯ ᠢ ᠪᠦᠷᠢᠳᠭᠡᠨ ᠳᠠᠩᠰᠠᠯᠠᠭᠰᠠᠨ ᠪᠠᠶᠢᠨ᠎ᠠ᠃ ︽ ᠨᠢᠭᠡ ᠴᠤᠩᠬᠤ ᠬᠡᠯᠪᠡᠷᠢ︾ ᠶᠢᠨ ᠬᠠᠮ ᠴᠣᠩᠬᠤ ᠭᠠᠷᠭᠠᠵᠦ᠂ ᠠᠵᠦ ᠠᠬᠤᠶᠢᠯᠠᠯ ᠤᠨ ᠡᠬᠢᠯᠡᠬᠦ ᠴᠠᠭ ᠢ 1.5 ᠠᠵᠢᠯ ᠤᠨ ᠡᠳᠤᠷ ᠪᠤᠯᠭᠠᠨ ᠲᠦᠷᠭᠡᠳᠭᠡᠪᠡ᠃ ᠠᠵᠦ ᠠᠬᠤᠶᠢᠯᠠᠯ ᠰᠦᠯᠵᠢᠶᠡᠨ ᠳᠡᠭᠡᠷ᠎ᠡ ᠦᠪᠡᠰᠦᠪᠡᠨ ᠭᠤᠶᠤᠴᠢᠯᠠᠨ ᠮᠡᠳᠡᠭᠦᠯᠬᠦ ᠶᠢ ᠪᠦᠬᠦ ᠲᠠᠯ᠎ᠠ  ᠪᠠᠷ ᠬᠡᠷᠡᠭᠵᠢᠭᠦᠯᠵᠦ᠂ ᠨᠢᠭᠡᠯᠡ ᠡᠳᠤᠷ ᠲᠤ ᠳᠠᠩᠰᠠᠯᠠᠭᠤᠯᠬᠤ ᠶᠢ ᠪᠡᠶᠡᠯᠡᠭᠦᠯᠵᠦ᠂ ᠪᠦᠬᠦ ᠬᠤᠲᠠ ᠶᠢᠨ8675 ᠠᠵᠦ ᠠᠬᠤᠶᠢᠯᠠᠯ ᠢ ᠳᠠᠩᠰᠠᠨ ᠠᠴᠠ ᠬᠠᠰᠤᠭᠰᠠᠨ ᠪᠠᠶᠢᠨ᠎ᠠ᠃ ᠡᠭᠦᠨ ᠤ ᠬᠠᠮᠳᠤ᠂ ︽ ᠤᠷᠢᠳᠠᠪᠠᠷ ᠭᠡᠷᠡᠴᠢᠯᠡᠵᠦ ᠳᠠᠷᠠᠭ᠎ᠠ  ᠨᠢ ᠦᠨᠡᠮᠯᠡᠯ ᠤᠯᠭᠤᠬᠤ︾ ᠶᠢ ︽ ᠤᠷᠢᠳᠠᠪᠠᠷ ᠦᠨᠡᠮᠯᠡᠯ ᠤᠯᠭᠤᠵᠦ᠂  ᠳᠠᠷᠠᠭ᠎ᠠ ᠨᠢ ᠬᠡᠷᠡᠴᠢᠯᠡᠬᠦ︾ ᠪᠤᠯᠭᠠᠨ  ᠦᠭᠡᠷᠡᠴᠢᠯᠡᠭᠰᠡᠨ ᠤ ᠰᠡᠭᠦᠯᠡᠷ᠂ ᠠᠵᠦ ᠠᠬᠤᠶᠢᠯᠠᠯ ᠤᠨ ᠤᠷᠢᠳᠠᠴᠠ ᠬᠢᠨᠠᠨ ᠵᠦᠪᠰᠢᠶᠡᠷᠡᠭᠦᠯᠬᠦ ᠲᠦᠷᠦᠯ ᠵᠥᠢᠯ 190 ᠪᠠᠶᠢᠭᠰᠠᠨ ᠠᠴᠠ ᠪᠠᠨ32 ᠵᠥᠢᠯ ᠪᠤᠯᠲᠠᠯ᠎ᠠ ᠬᠠᠰᠤᠭᠳᠠᠵᠦ᠂ 83.16% ᠪᠠᠷ ᠬᠠᠰᠤᠭᠳᠠᠭᠰᠠᠨ ᠪᠠᠶᠢᠨ᠎ᠠ᠃ http://mongol.people.com.cn/15831020.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号