ᠸᠠᠩ ᠯᠢ ᠰᠢᠶᠠ ᠡᠷᠬᠢᠯᠡᠵᠦ ᠵᠠᠩ ᠪᠠᠢ ᠴᠧᠩ ᠯᠥᠸᠧ ᠴᠢᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠬᠤᠲᠠ ᠶᠢᠨ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ | ᠬᠤᠲᠠ ᠶᠢᠨ 2020 ᠣᠨ ᠤ ᠴᠢᠬᠤᠯᠠ ᠶᠡᠭᠡ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠢ ᠰᠣᠨᠣᠰᠴᠤ 2021 | ᠣᠨ ᠤ ᠴᠢᠬᠤᠯᠠ ᠶᠡᠭᠡ ᠲᠥᠷᠥᠯ ᠵᠦᠢᠯ ᠬᠢᠭᠡᠳ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠲᠥᠰᠥᠪᠯᠡᠪᠡ᠃ | ᠸᠠᠩ ᠯᠢ ᠰᠢᠶᠠ ᠬᠤᠷᠠᠯ ᠳᠡᠭᠡᠷ᠎ᠡ ᠴᠢᠬᠤᠯᠠᠴᠢᠯᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠳᠡᠭᠡᠷ᠎ᠡ ᠮᠠᠨ ᠤ ᠤᠯᠤᠰ ᠤᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠭᠯᠡᠯ ᠬᠠᠷᠠᠯᠲᠠ ᠶᠢ | ᠲᠣᠳᠣᠷᠬᠠᠶᠢᠯᠠᠵᠤ᠂ ᠪᠢᠳᠠᠨ ᠤ ᠲᠥᠷᠥᠯ ᠵᠦᠢᠯ ᠣᠯᠬᠤ᠂ ᠰᠠᠭᠤᠷᠢ ᠪᠠᠨ ᠪᠠᠬᠢᠵᠢᠭᠦᠯᠬᠦ᠂ ᠬᠥᠭᠵᠢᠯᠲᠡ ᠪᠠᠨ | ᠲᠦᠷᠭᠡᠳᠬᠡᠬᠦ ᠳᠤ ᠰᠢᠨ᠎ᠡ ᠠᠵᠠ ᠲᠣᠬᠢᠶᠠᠯ ᠠᠪᠴᠢᠷᠠᠨ᠂ ᠰᠢᠨ᠎ᠡ ᠨᠥᠬᠦᠴᠡᠯ ᠣᠯᠭᠤᠵᠠᠢ᠂ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ | ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠪᠠᠷ ᠬᠥᠲᠥᠯᠪᠦᠷᠢ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ᠂ | ᠡᠳᠦᠷ ᠰᠦᠨᠢ ᠦᠭᠡᠢ ᠴᠢᠷᠮᠠᠶᠢᠵᠤ᠂ ᠡᠨᠡ ᠵᠢᠯ ᠤᠨ ᠴᠢᠬᠤᠯᠠ ᠶᠡᠭᠡ ᠲᠥᠷᠥᠯ ᠵᠦᠢᠯ ᠤᠨ ᠰᠡᠭᠦᠯ ᠬᠤᠷᠢᠶᠠᠬᠤ | ᠠᠵᠢᠯ ᠢ ᠰᠠᠶᠢᠲᠤᠷ ᠬᠢᠵᠦ᠂ ᠲᠣᠭᠲᠠᠭᠠᠭᠰᠠᠨ ᠬᠠᠷᠠᠯᠲᠠ ᠪᠠᠨ ᠪᠡᠶᠡᠯᠡᠭᠦᠯᠬᠦ ᠬᠡᠷᠡᠭᠲᠡᠢ᠃ ᠪᠦᠭᠦᠳᠡ ᠬᠤᠷᠠᠯᠳᠤᠭᠠᠨ | ᠳᠡᠭᠡᠷ᠎ᠡ ᠳᠤᠷᠠᠳᠤᠭᠰᠠᠨ ᠰᠢᠨ᠎ᠡ ᠣᠶᠢᠯᠠᠭᠠᠭᠳᠠᠬᠤᠨ ᠰᠢᠨ᠎ᠡ ᠱᠠᠭᠠᠷᠳᠠᠯᠭ᠎ᠠ ᠶᠣᠰᠣᠭᠠᠷ᠂ 2021 ᠣᠨ ᠪᠠ | ᠬᠤᠵᠢᠮ ᠤᠨ ᠬᠡᠳᠦᠨ ᠵᠢᠯ ᠤᠨ ᠠᠵᠢᠯ ᠢ ᠰᠠᠶᠢᠲᠤᠷ ᠲᠥᠰᠥᠪᠯᠡᠨ᠂ ᠰᠠᠭᠤᠷᠢ ᠪᠦᠲᠦᠭᠡᠨ ᠪᠠᠶᠢᠭᠤᠯᠤᠯᠲᠠ᠂ ᠣᠳᠣ | ᠦᠶ᠎ᠡ ᠶᠢᠨ ᠦᠢᠯᠡᠴᠢᠯᠡᠭᠡ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ | ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢᠶᠠᠷ ᠰᠢᠨ᠎ᠡ ᠬᠡᠯᠪᠡᠷᠢ ᠶᠢᠨ ᠬᠡᠷᠡᠭᠯᠡᠭᠡ ᠶᠢ ᠬᠥᠲᠥᠯᠦᠨ ᠳᠠᠭᠠᠭᠤᠯᠬᠤ | ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠳᠣᠪᠣᠶᠢᠯᠭᠠᠨ᠂ | ᠬᠤᠲᠠ ᠶᠢᠨ ᠰᠢᠨᠡᠴᠢᠯᠡᠯᠲᠡ ᠳᠡᠭᠡᠷ᠎ᠡ ᠬᠦᠴᠦ ᠤᠷᠤᠭᠤᠯᠵᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ | ᠳᠡᠭᠡᠷ᠎ᠡ ᠬᠦᠴᠦ ᠤᠷᠤᠭᠤᠯᠵᠤ᠂ ᠪᠠᠭ᠎ᠠ ᠤᠴᠢᠷ ᠠᠴᠠ ᠭᠠᠷᠳᠠᠨ ᠠᠷᠠᠳ ᠤᠨ ᠠᠮᠢᠳᠤᠷᠠᠯ ᠤᠨ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠯᠪᠣᠭᠳᠠᠯ | ᠪᠦᠬᠦᠢ ᠲᠥᠷᠥ ᠪᠣᠳᠣᠯᠭ᠎ᠠ ᠶᠢ ᠤᠯᠠᠮ ᠨᠢᠭᠡ ᠠᠯᠬᠤᠮ ᠰᠤᠳᠤᠯᠤᠨ ᠨᠡᠶᠢᠲᠡᠯᠡᠵᠦ᠂ ︽ᠨᠢᠭᠡ ᠠᠵᠤ ᠠᠬᠤᠶᠢᠯᠠᠯ ᠳᠤ | ᠨᠢᠭᠡ ᠲᠥᠷᠥ ᠶᠢᠨ ᠪᠣᠳᠣᠯᠭ᠎ᠠ︾ ᠬᠡᠷᠡᠭᠵᠢᠭᠦᠯᠬᠦ ᠵᠡᠷᠭᠡ ᠵᠠᠭᠪᠤᠷ ᠢᠶᠠᠷ ᠠᠵᠤ ᠠᠬᠤᠶᠢᠯᠠᠯ ᠤᠨ ᠬᠥᠬᠡᠬᠤᠲᠠ ᠳᠤ | ᠨᠤᠲᠤᠭᠰᠢᠬᠤ ᠳᠤ ᠪᠣᠳᠠᠲᠠᠢ ᠠᠷᠭ᠎ᠠ ᠰᠠᠶᠢᠨ ᠠᠷᠭ᠎ᠠ ᠭᠠᠷᠭᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠳᠦᠷᠢᠮᠵᠢᠭᠦᠯᠦᠨ ᠬᠡᠪᠰᠢᠭᠦᠯᠵᠦ᠂ ᠲᠥᠷᠥᠯ ᠵᠦᠢᠯ ᠢ ᠪᠣᠳᠠᠲᠠᠶᠢᠵᠢᠭᠤᠯᠬᠤ ᠬᠡᠷᠡᠭᠲᠡᠢ᠃ | ᠲᠥᠷᠥᠯ ᠵᠦᠢᠯ ᠢ ᠠᠳᠬᠤᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠦᠷᠢᠶᠡᠯᠡᠩ ᠲᠣᠭᠤᠷᠢᠭ ᠢ | ᠠᠳᠬᠤᠨ᠂ ᠠᠵᠤ ᠠᠬᠤᠶᠢᠯᠠᠯ ᠢ ᠠᠳᠬᠤᠨ᠂ ᠵᠠᠬ᠎ᠠ ᠳᠤ ᠭᠠᠷᠭᠠᠬᠤ ᠶᠢ ᠠᠳᠬᠤᠬᠤ ᠬᠡᠷᠡᠭᠲᠡᠢ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠬᠡᠯᠡᠯᠴᠡᠬᠦ ᠳᠡᠭᠡᠷ᠎ᠡ ᠶᠡᠬᠡᠬᠡᠨ ᠬᠦᠴᠦ ᠣᠷᠣᠭᠤᠯᠵᠤ᠂ ᠰᠠᠭᠤᠷᠢ ᠲᠠᠯᠪᠢᠬᠤ᠂ | ᠬᠥᠭᠵᠢᠯᠲᠡ ᠶᠢᠨ ᠬᠦᠴᠦᠨ ᠲᠠᠢ᠂ ᠬᠤᠯᠠ ᠶᠢᠨ ᠠᠰᠢᠭ ᠲᠠᠢ ᠶᠡᠭᠡ ᠲᠥᠷᠥᠯ ᠵᠦᠢᠯ᠂ ᠰᠠᠶᠢᠨ ᠲᠥᠷᠥᠯ ᠵᠦᠢᠯ᠂ | ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠵᠦ ᠳᠡᠶᠢᠯᠬᠦ ᠪᠦᠲᠦᠮᠵᠢᠲᠡᠢ ᠲᠥᠷᠥᠯ | ᠵᠦᠢᠯ ᠳᠤ ᠠᠩᠬᠠᠷᠤᠯ ᠢᠶᠠᠨ ᠬᠠᠨᠳᠤᠭᠤᠯᠵᠤ᠂ ᠲᠥᠪ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠰᠠᠶᠢᠬᠠᠨ ᠡᠬᠢᠯᠡᠯᠲᠡ | ᠰᠠᠶᠢᠨ ᠪᠠᠶᠢᠷᠢᠯᠠᠭᠤᠯᠤᠯ ᠬᠢᠵᠦ᠂ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠨᠡ ᠡᠪᠦᠯ ᠢᠷᠡᠬᠦ | ᠬᠠᠪᠤᠷ ᠤᠨ ᠠᠰᠢᠭᠲᠠᠢ ᠴᠠᠭ ᠢ ᠵᠠᠪᠳᠤᠨ 2021 ᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠡᠳᠦᠷ ᠲᠤᠭᠠᠯᠠᠬᠤ ᠪᠠᠶᠢᠳᠠᠯ ᠳᠤ ᠤᠷᠢᠳᠴᠢᠯᠠᠨ ᠣᠷᠣᠵᠤ᠂ ᠠᠵᠢᠯ ᠤᠨ ᠬᠤᠭᠤᠴᠠᠭ᠎ᠠ ᠶᠢ | ᠲᠣᠩᠭᠤᠷᠠᠭᠤᠯᠤᠨ ᠲᠣᠬᠢᠷᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠯᠲᠡ ᠵᠡᠷᠭᠡ | ᠠᠵᠢᠯ ᠢ ᠰᠠᠶᠢᠨ ᠬᠢᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠮᠬᠢ | ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ᠂ ᠶᠦᠨ ᠬᠠᠢ᠂ ᠯᠢᠦ ᠴᠧᠩ ᠮᠢᠨ᠂ ᠸᠠᠩ | ᠬᠤᠤ ᠯᠧᠢ᠂ ᠦ᠋ ᠸᠧᠨ ᠮᠢᠩ᠂ ᠪᠢ ᠭᠥᠸᠧ ᠴᠧᠨ᠂ ᠰᠢᠦᠢ ᠷᠦᠢ ᠰᠢᠶᠠ᠂ ᠶᠦᠨ ᠰᠢᠨ ᠮᠢᠩ᠂ ᠬᠤᠲᠠ ᠶᠢᠨ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠵᠠᠩ ᠭᠥᠸᠧ | ᠫᠢᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |