ᠬᠥᠬᠡᠬᠤᠲᠠ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠬᠥᠭᠵᠢᠯᠲᠡ ᠶᠢᠨ ᠲᠤᠬᠠᠢ ᠰᠤᠳᠤᠯᠤᠨ ᠶᠠᠷᠢᠯᠴᠠᠯ᠎ᠠ
ᠨᠡᠶᠢᠲᠡᠯᠡᠭᠰᠡᠨ ᠴᠠᠭ᠄
2020/11/25
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠯᠠᠭᠠᠨᠲᠤᠶᠠᠭ᠎ᠠ︶ ᠣᠶᠢᠷ᠎ᠠ ᠳᠤ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠬᠦᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾ ᠵᠢᠴᠢ ︽ᠬᠥᠬᠡᠬᠤᠲᠠ ᠣᠷᠳᠣᠰ ᠤᠨ ᠬᠠᠲᠤᠨ ᠭᠤᠤᠯ ᠳᠠᠭᠠᠤ ᠶᠢᠨ ᠰᠣᠶᠣᠯ ᠵᠢᠭᠤᠯᠴᠢᠯᠠᠯ ᠢ ᠬᠠᠮᠠᠭᠠᠯᠠᠵᠤ ᠬᠥᠭᠵᠢᠭᠦᠯᠬᠦ ᠶᠢ ᠡᠵᠡᠮᠳᠡᠬᠦ + ᠲᠥᠯᠥᠪᠵᠢᠭᠦᠯᠭᠡ ︵2021 — 2030︶︾ ᠶᠢᠨ ᠲᠥᠯᠥᠪᠵᠢᠭᠦᠯᠭᠡ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ ᠬᠢᠪᠠ᠃      ᠬᠤᠷᠠᠯ ᠳᠤ᠂ ᠬᠥᠬᠡᠬᠤᠲᠠ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠮᠵᠢᠯᠲᠠ ᠪᠦᠲᠦᠮᠵᠢ ᠪᠠ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠳᠠᠬᠢ ᠬᠥᠭᠵᠢᠯᠲᠡ ᠶᠢᠨ ᠣᠷᠴᠢᠨ ᠲᠣᠭᠤᠷᠢᠨ᠂ ᠶᠡᠷᠦᠩᠬᠡᠶ ᠰᠡᠳᠬᠢᠴᠡ ᠵᠢᠴᠢ  ᠬᠥᠭᠵᠢᠯᠲᠡ ᠶᠢᠨ ᠬᠠᠷᠠᠯᠲᠠ᠂ ᠤᠳᠬ᠎ᠠ ᠤᠷᠠᠯᠢᠭ ᠤᠨ ᠴᠡᠴᠡᠭᠯᠡᠯ ᠬᠥᠭᠵᠢᠯᠲᠡ᠂ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠰᠣᠶᠣᠯ ᠤᠨ ᠥᠪ ᠢ ᠬᠠᠮᠠᠭᠠᠯᠠᠨ ᠠᠰᠢᠬᠯᠠᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠬᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠭᠠᠳᠠᠭᠠᠳᠤ ᠯᠤᠭ᠎ᠠ  ᠶᠢᠨ ᠰᠣᠯᠢᠯᠴᠠᠭ᠎ᠠ ᠬᠠᠮᠲᠤᠷᠠᠯᠴᠠᠭ᠎ᠠ ᠪᠠ ᠵᠢᠭᠤᠯᠴᠢᠯᠠᠯ ᠤᠨ ᠡᠵᠡᠩᠨᠡᠯᠲᠡ᠂ ᠬᠠᠲᠤᠨ ᠭᠤᠤᠯ ᠳᠠᠭᠠᠤ ᠶᠢᠨ ᠰᠣᠶᠣᠯ ᠵᠢᠭᠤᠯᠴᠢᠯᠠᠯ ᠤᠨ ᠬᠠᠮᠠᠭᠠᠯᠠᠯᠲᠠ ᠬᠥᠭᠵᠢᠭᠦᠯᠦᠯᠲᠡ ᠵᠢᠴᠢ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ᠂ ᠲᠡᠤᠬᠡ ᠶᠢᠨ ᠳᠤᠷᠠᠰᠬᠠᠯᠲᠤ ᠵᠦᠢᠯᠡᠰ ᠵᠡᠷᠭᠡ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠪᠠ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠭ᠎ᠠ ᠬᠢᠵᠦ ᠰᠠᠨᠠᠯ ᠵᠥᠪᠯᠡᠯᠭᠡ ᠳᠤᠷᠠᠳᠤᠨ ᠭᠠᠷᠭᠠᠪᠠ᠃      ᠬᠦᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠦᠵᠡᠯᠳᠡ ᠲᠠᠨᠢᠯᠲᠠ ᠪᠠᠨ ᠨᠡᠩ ᠢᠯᠡᠭᠦᠦ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠣᠶᠢᠯᠠᠭᠠᠭᠳᠠᠬᠤᠨ ᠢᠶᠠᠨ ᠰᠢᠨᠡᠳᠬᠡᠵᠦ᠂ ᠬᠥᠬᠡᠬᠤᠲᠠ ᠶᠢᠨ ᠢᠷᠡᠭᠡᠳᠦᠶ ᠶᠢᠨ ᠬᠥᠭᠵᠢᠯᠲᠡ ᠶᠢᠨ ᠵᠠᠮ ᠢ ᠰᠠᠶᠢᠲᠤᠷ ᠲᠥᠯᠥᠪᠵᠢᠭᠦᠯᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠪᠠ ᠬᠥᠬᠡᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠠᠷᠠᠳ ᠲᠦᠮᠡᠨ ᠤ ᠬᠦᠰᠡᠯ ᠡᠷᠡᠮᠡᠯᠵᠡᠯ ᠢ ᠢᠯᠡᠷᠡᠭᠦᠯᠦᠭᠰᠡᠨ᠂ ᠢᠷᠡᠭᠡᠳᠦᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠨᠠᠷ ᠰᠠᠶᠢᠲᠠᠢ ᠲᠥᠯᠥᠪᠵᠢᠭᠦᠯᠭᠡ ᠲᠤᠭᠲᠠᠭᠠᠬᠤ ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠪᠠᠰᠠ ᠪᠦᠬᠦ ᠬᠤᠲᠠ ᠶᠢᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠬᠢᠨᠠᠮᠠᠭᠠᠶ ᠡᠮᠬᠢᠯᠡᠨ᠂ ᠨᠠᠩ ᠣᠯᠠᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠲᠥᠰᠦᠪᠯᠡᠨ ᠲᠥᠯᠥᠪᠯᠡᠵᠦ᠂ ᠨᠠᠩ ᠣᠯᠠᠨ ᠲᠥᠷᠥᠯ ᠵᠦᠢᠯ᠂ ᠭᠤᠣᠯᠳᠠᠯᠭ᠎ᠠ ᠲᠠᠢ ᠠᠵᠢᠯ᠂ ᠴᠢᠬᠤᠯᠠ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠥᠯᠥᠪᠵᠢᠭᠦᠯᠭᠡ ᠪᠠ ᠪᠥᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ  ᠯᠤᠭ᠎ᠠ ᠠᠭᠤᠰᠤᠯᠴᠠᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号