ᠦᠪᠤᠷ ᠮᠤᠩᠭᠤᠯ ᠲᠤᠮᠳᠠ ᠪᠠᠭ᠎ᠠ ᠪᠢᠴᠢᠯ ᠠᠵᠦ ᠠᠬᠤᠶᠢᠯᠠᠯ ᠤᠨ ᠠᠵᠢᠯ ᠠᠯᠳᠠᠯ ᠤᠨ ᠳᠠᠭᠠᠳᠬᠠᠯ ᠤᠨ ᠲᠦᠯᠦᠪᠤᠷᠢ ᠪᠤᠴᠠᠭᠠᠬᠤ ᠪᠠᠷᠢᠮᠵᠢᠶ᠎ᠠ ᠶᠢ100% ᠪᠤᠯᠲᠠᠯ᠎ᠠ  ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2020/11/25
       ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠪᠤᠯᠵᠢᠯᠠᠭᠴᠢ ᠮᠢᠶᠤᠤ ᠴᠢᠩ︶ ᠰᠤᠷᠪᠤᠯᠵᠢᠯᠠᠭᠴᠢ   ᠶᠢᠨ  ᠤᠶᠢᠯᠠᠭᠠᠭᠰᠠᠨ ᠢᠶᠠᠷ᠂ ᠦᠪᠤᠷ ᠮᠤᠩᠭᠤᠯ ᠤᠨ ᠦᠪᠡᠷᠡᠲᠡᠭᠡᠨ ᠵᠠᠰᠠᠬᠤ ᠤᠷᠤᠨ ᠤ ᠬᠦᠮᠤᠨ  ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠲᠢᠩᠬᠢᠮ ᠦᠨᠦᠬᠡᠨ ︽ ᠤᠳᠤᠬᠠᠨ ᠤ ᠠᠵᠢᠯ ᠠᠯᠳᠠᠯ ᠤᠨ ᠳᠠᠭᠠᠳᠬᠠᠯ ᠤᠨ  ᠭᠤᠤᠯ ᠠᠵᠢᠯ ᠢ ᠤᠯᠠᠮ ᠰᠠᠶᠢᠳᠤᠷ ᠬᠢᠬᠦ ᠲᠤᠬᠠᠢ ᠮᠡᠳᠡᠭᠳᠡᠯ︾  ᠪᠠᠭᠤᠯᠭᠠᠵᠦ᠂ ᠡᠭᠦᠨ ᠳᠡᠭᠡᠨ᠄ ᠨᠦᠬᠦᠴᠡᠯ ᠳᠤ ᠨᠡᠶᠢᠴᠡᠬᠦ ᠠᠵᠦ ᠠᠬᠤᠶᠢᠯᠠᠯ ᠨᠢ ᠠᠵᠦ  ᠠᠬᠤᠶᠢᠯᠠᠯ ᠪᠤᠯᠤᠨ ᠠᠵᠢᠯᠲᠠᠨ ᠠᠵᠢᠯᠴᠢᠨ  ᠤ ᠳᠡᠭᠡᠷ᠎ᠡ ᠵᠢᠯ ᠤᠨ ᠲᠤᠰᠢᠶᠠᠭᠰᠠᠨ‌ᠠᠵᠢᠯ ᠠᠯᠳᠠᠯ ᠤᠨ ᠳᠠᠭᠠᠳᠬᠠᠯ ᠤᠨ ᠲᠦᠯᠦᠪᠤᠷᠢ   ᠶᠢ 50% ᠪᠠᠷ ᠪᠤᠴᠠᠭᠠᠬᠤ ᠬᠡᠷᠡᠭᠲᠡᠢ︔ ᠲᠥᠢᠯ ᠤᠨ ᠬᠦᠴᠢᠷᠲᠠᠢ ᠭᠠᠵᠠᠷ ᠤᠷᠤᠨ ᠨᠢ ᠠᠵᠦ  ᠠᠬᠤᠶᠢᠯᠠᠯ ᠪᠤᠯᠤᠨ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠲᠤᠰᠢᠶᠠᠭᠰᠠᠨ‌ᠠᠵᠢᠯ ᠠᠯᠳᠠᠯ ᠤᠨ ᠳᠠᠭᠠᠳᠬᠠᠯ ᠤᠨ ᠲᠦᠯᠦᠪᠤᠷᠢ ᠶᠢ 60 % ᠪᠠᠷ ᠪᠤᠴᠠᠭᠠᠬᠤ ᠬᠡᠷᠡᠭᠲᠡᠢ︔ ᠦᠢᠯᠡᠳᠪᠤᠷᠢᠯᠡᠬᠦ ᠴᠢᠳᠠᠪᠤᠷᠢ ᠲᠠᠢ ᠠᠵᠦ ᠠᠬᠤᠶᠢᠯᠠᠯ ᠨᠢ ᠠᠵᠦ  ᠠᠬᠤᠶᠢᠯᠠᠯ ᠪᠤᠯᠤᠨ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠲᠤᠰᠢᠶᠠᠭᠰᠠᠨ‌ᠠᠵᠢᠯ ᠠᠯᠳᠠᠯ ᠤᠨ ᠳᠠᠭᠠᠳᠬᠠᠯ ᠤᠨ ᠲᠦᠯᠦᠪᠤᠷᠢ   ᠶᠢ80 % ᠪᠠᠷ ᠪᠤᠴᠠᠭᠠᠬᠤ ᠬᠡᠷᠡᠭᠲᠡᠢ᠃  ᠨᠦᠬᠦᠴᠡᠯ ᠳᠤ ᠨᠡᠶᠢᠴᠡᠭᠰᠡᠨ‌‍ᠲ᠋ᠤᠮᠳᠠ ᠪᠠᠭ᠎ᠠ ᠪᠢᠴᠢᠯ ᠠᠵᠦ ᠠᠬᠤᠶᠢᠯᠠᠯ ᠨᠢ ᠬᠦᠮᠤᠨ ᠴᠦᠬᠡᠯᠡᠬᠦ ᠨᠤᠷᠮ᠎ᠠ ᠪᠠᠨ ᠠᠭᠤᠳᠠᠮ ᠪᠤᠯᠭᠠᠭᠰᠠᠨ ᠰᠠᠭᠤᠷᠢᠨ ᠳᠡᠭᠡᠷ᠎ᠡ᠂ ᠪᠤᠴᠠᠭᠠᠬᠤ ᠪᠠᠷᠢᠮᠵᠢᠶ᠎ᠠ ᠪᠠᠨ ᠠᠵᠦ  ᠠᠬᠤᠶᠢᠯᠠᠯ ᠪᠤᠯᠤᠨ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠲᠤᠰᠢᠶᠠᠭᠰᠠᠨ ᠠᠵᠢᠯ ᠠᠯᠳᠠᠯ ᠤᠨ ᠳᠠᠭᠠᠳᠬᠠᠯ ᠤᠨ ᠲᠦᠯᠦᠪᠤᠷᠢ ᠶᠢ 100 % ᠪᠠᠷ ᠪᠤᠴᠠᠭᠠᠬᠤ ᠬᠡᠷᠡᠭᠲᠡᠢ  ᠭᠡᠵᠦ ᠲᠤᠲᠤᠷᠬᠠᠶᠢᠯᠠᠵᠠᠢ᠃        ᠤᠶᠢᠯᠠᠭᠠᠭᠰᠠᠨ ᠢᠶᠠᠷ᠂  ᠦᠪᠡᠷᠲᠡᠭᠡᠨ ᠵᠠᠰᠠᠬᠤ ᠤᠷᠤᠨ ᠨᠢ ᠡᠯ᠎ᠡ ᠠᠶᠢᠮᠠᠭ ᠬᠤᠲᠠ ᠶᠢᠨ ᠠᠵᠢᠯ ᠠᠯᠳᠠᠯ  ᠤᠨ ᠳᠠᠭᠠᠳᠬᠠᠯ ᠤᠨ ᠠᠵᠢᠯ   ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠶᠢ ᠱᠠᠭᠠᠷᠳᠠᠵᠦ᠂ ᠦᠪᠡᠷᠲᠡᠭᠡᠨ ᠵᠠᠰᠠᠬᠤ ᠤᠷᠤᠨ ᠤ ᠬᠠᠷᠢᠭᠤ ᠲᠤᠰᠬᠠᠭᠰᠠᠨ 2020 ᠤᠨ ᠤ ᠳᠠᠭᠠᠳᠬᠠᠯ ᠤᠨ ᠲᠦᠯᠦᠪᠤᠷᠢ  ᠪᠤᠴᠠᠭᠠᠬᠤ  ᠨᠦᠬᠦᠴᠡᠯ ᠳᠤ ᠲᠤᠬᠢᠷᠠᠬᠤ ᠠᠵᠦ ᠠᠬᠤᠶᠢᠯᠠᠯ ᠤᠨ ᠨᠡᠷ᠎ᠡ ᠶᠤᠰᠤᠭᠠᠷ᠂ ᠠᠵᠦ ᠠᠬᠤᠶᠢᠯᠠᠯ ᠤᠨ ᠪᠠᠶᠢᠳᠠᠯ ᠢ ᠨᠢᠭᠡᠳ ᠨᠢᠭᠡ ᠪᠠᠷ ᠬᠠᠷᠭᠤᠭᠤᠯᠵᠦ᠂ ᠠᠵᠦ  ᠠᠬᠤᠶᠢᠯᠠᠯ ᠤᠨ ᠬᠡᠷᠡᠭᠴᠡᠭᠡ ᠶᠢ ᠨᠢᠭᠡᠳ ᠨᠢᠭᠡ ᠪᠠᠷ ᠵᠤᠯᠭᠠᠭᠤᠯᠵᠦ᠂ ᠲᠦᠷᠦ ᠶᠢᠨ ᠪᠤᠲᠤᠯᠭ᠎ᠠ ᠶᠢᠨ ᠠᠭᠤᠯᠭ᠎ᠠ ᠶᠢ ᠨᠢᠭᠡᠳ ᠨᠢᠭᠡ ᠪᠠᠷ ᠲᠠᠶᠢᠯᠪᠤᠷᠢᠯᠠᠵᠦ ᠂ ᠨᠡᠩ ᠤᠯᠠᠨ ᠠᠵᠦ ᠠᠬᠤᠶᠢᠯᠠᠯ  ᠭᠤᠶᠤᠴᠢᠯᠠᠯ ᠭᠠᠷᠭᠠᠵᠦ ᠲᠦᠷᠦ ᠶᠢᠨ ᠪᠤᠲᠤᠯᠭ᠎ᠠ ᠬᠦᠷᠲᠡᠬᠦ  ᠪᠤᠯᠭᠠᠬᠤ ᠬᠡᠷᠡᠭᠲᠡᠢ ᠃  ᠠᠵᠦ ᠠᠬᠤᠶᠢᠯᠠᠯ ᠤᠨ ᠵᠤᠯᠭᠠᠯᠲᠠ ᠶᠢᠨ ᠳᠠᠩᠰᠠ ᠪᠠᠶᠢᠭᠤᠯᠵᠦ᠂ ᠠᠵᠦ ᠠᠬᠤᠶᠢᠯᠠᠯ   ᠯᠤᠭ᠎ᠠ ᠵᠤᠯᠭᠠᠭᠤᠯᠤᠭᠰᠠᠨ ᠴᠠᠭ᠂ ᠵᠤᠯᠭᠠᠭᠤᠯᠤᠭᠰᠠᠨ  ᠠᠷᠭ᠎ᠠ  ᠬᠡᠯᠪᠡᠷᠢ᠂ ᠠᠵᠦ ᠠᠬᠤᠶᠢᠯᠠᠯ ᠭᠤᠶᠤᠴᠢᠯᠠᠯ ᠭᠠᠷᠭᠠᠬᠤ ᠬᠦᠰᠡᠯ ᠲᠠᠢ ᠪᠠᠶᠢᠬᠤ ᠡᠰᠡᠬᠦ᠂ ᠠᠵᠦ ᠠᠬᠤᠶᠢᠯᠠᠯ ᠢ ᠵᠤᠯᠭᠠᠭᠤᠯᠬᠤ ᠬᠠᠷᠢᠯᠴᠠᠭᠴᠢ᠂ ᠬᠠᠷᠢᠯᠴᠠᠬᠤ ᠠᠷᠭ᠎ᠠ ᠵᠡᠷᠭᠡ ᠰᠤᠷᠠᠭ ᠵᠠᠩᠭᠢ ᠶᠢ ᠨᠠᠷᠢᠨ ᠲᠡᠮᠳᠡᠭᠯᠡᠵᠦ᠂ ᠭᠤᠶᠤᠴᠢᠯᠠᠬᠤ ᠬᠦᠰᠡᠯ ᠲᠠᠢ ᠠᠵᠦ ᠠᠬᠤᠶᠢᠯᠠᠯ ᠢ ᠬᠠᠪᠰᠤᠷᠤᠨ ᠵᠢᠯᠤᠭᠤᠳᠴᠤ ᠪᠠᠶᠢᠭᠠᠳ ᠭᠤᠶᠤᠴᠢᠯᠠᠯ ᠢ ᠨᠢ ᠪᠡᠶᠡᠯᠡᠭᠦᠯᠬᠦ ᠬᠡᠷᠡᠭᠲᠡᠢ︔ ᠭᠤᠶᠤᠴᠢᠯᠠᠯ ᠬᠢᠬᠦ ᠶᠢ ᠰᠠᠨᠠᠭᠠᠴᠢᠯᠠᠭ᠎ᠠ ᠠᠴᠠ ᠪᠠᠨ ᠲᠠᠶᠠᠭᠳᠠᠭᠰᠠᠨ ᠠᠵᠦ ᠠᠬᠤᠶᠢᠯᠠᠯ ᠢ ᠰᠠᠶᠢᠳᠤᠷ ᠪᠦᠷᠢᠳᠭᠡᠵᠦ᠂ ᠨᠢᠭᠡ ᠡᠷᠦᠬᠡ ᠶᠢ ᠴᠦ ᠬᠤᠴᠤᠷᠭᠠᠬᠤ ᠦᠭᠡᠢ ᠶᠢ ᠡᠷᠬᠡᠪᠰᠢ ᠭᠦᠢᠴᠡᠳᠭᠡᠵᠦ᠂  ᠭᠤᠶᠤᠴᠢᠯᠠᠬᠤ ᠬᠦᠰᠡᠯ ᠲᠠᠢ ᠠᠵᠦ ᠠᠬᠤᠶᠢᠯᠠᠯ ᠢ  ᠵᠢᠯ ᠤᠨ ᠡᠴᠦᠰ ᠠᠴᠠ ᠡᠮᠤᠨ᠎ᠡ ᠪᠦᠬᠦᠨ ᠢ ᠲᠦᠷᠦ ᠶᠢᠨ ᠪᠤᠲᠤᠯᠭ᠎ᠠ ᠶᠢᠨ ᠬᠡᠪᠴᠢᠶᠡᠨ ᠳᠤ ᠤᠷᠤᠭᠤᠯᠬᠤ ᠬᠡᠷᠡᠭᠲᠡᠢ ᠭᠡᠵᠡᠢ  ᠃http://mongol.people.com.cn/15830783.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号