ᠮᠠᠨ ᠤ ᠬᠤᠲᠠ ᠤᠳᠤ ᠦᠶ᠎ᠡ ᠶᠢᠨ ᠨᠠᠰᠤᠵᠢᠯ ᠤᠨ ᠠᠰᠠᠷᠠᠯᠲᠠ ᠶᠢᠨ ᠶᠡᠷᠤᠩᠬᠡᠶᠢᠯᠡᠭᠰᠡᠨ ᠦᠢᠯᠡᠴᠢᠯᠡᠭᠡᠨ  ᠤ ᠰᠢᠰᠲ᠋ᠧᠮ  ᠤᠨ ᠪᠠᠶᠢᠭᠤᠯᠤᠯᠲᠠ ᠶᠢ ᠲᠦᠷᠭᠡᠳᠭᠡᠵᠦ  ᠪᠠᠶᠢᠨ᠎ᠠ
ᠨᠡᠶᠢᠲᠡᠯᠡᠭᠰᠡᠨ ᠴᠠᠭ᠄
2020/11/25
      ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠪᠤᠯᠵᠢᠯᠠᠭᠴᠢ ᠯᠢᠦ ᠶᠠᠩ︶  ᠤᠶᠢᠷ᠎ᠠ ᠶᠢᠨ ᠵᠢᠯ᠂ ᠮᠠᠨ ᠤ ᠬᠤᠲᠠ ︽ᠭᠡᠷ ᠤᠨ ᠠᠰᠠᠷᠯᠲᠠ ᠳᠤ ᠰᠠᠭᠤᠷᠢᠯᠠᠵᠦ᠂ ᠨᠡᠶᠢᠭᠡᠮ ᠲᠤᠭᠤᠷᠢᠭ ᠤᠨ ᠠᠰᠠᠷᠠᠯᠲᠠ ᠳᠤ ᠲᠦᠰᠢᠭᠯᠡᠵᠦ᠂ ᠪᠠᠶᠢᠭᠤᠯᠤᠮᠵᠢ ᠶᠢᠨ ᠠᠰᠠᠷᠠᠯᠲᠠ ᠪᠠᠷ  ᠨᠦᠬᠦᠪᠤᠷᠢᠯᠡᠵᠦ ᠡᠮᠨᠡᠯᠭᠡ ᠰᠤᠪᠢᠯᠠᠯᠲᠠ ᠶᠢ ᠤᠶᠠᠯᠳᠤᠭᠤᠯᠬᠤ︾ ᠤᠳᠤ ᠦᠶ᠎ᠡ ᠶᠢᠨ ᠨᠠᠰᠤᠵᠢᠯ ᠤᠨ ᠠᠰᠠᠷᠠᠯᠲᠠ ᠶᠢᠨ ᠶᠡᠷᠤᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ   ᠤᠨ ᠪᠠᠶᠢᠭᠤᠯᠤᠯᠲᠠ ᠶᠢ ᠲᠦᠷᠭᠡᠳᠭᠡᠵᠦ  ᠪᠠᠶᠢᠨ᠎ᠠ᠃ ᠤᠳᠤᠬᠠᠨ  ᠂ ᠪᠦᠬᠦ ᠬᠤᠲᠠ ᠶᠢᠨ ᠨᠢᠭᠡᠨᠲᠡ ᠪᠤᠢ ᠪᠤᠯᠤᠭᠰᠠᠨ ᠭᠡᠷ  ᠲᠡᠭᠡᠨ ᠪᠠ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠯᠲᠠ ᠶᠢᠨ ᠦᠢᠯᠡᠴᠢᠯᠡᠭᠡᠨ ᠤ  ᠲᠠᠯᠠᠪᠤᠷ 104 ᠪᠤᠯᠤᠭᠰᠠᠨ ᠪᠠᠶᠢᠨ᠎ᠠ᠃       2019 ᠤᠨ ᠤ 8 ᠰᠠᠷ᠎ᠠ ᠳᠤ ᠬᠦᠬᠡᠬᠤᠲᠡ ᠨᠢ ᠲᠦᠪ ᠤᠨ ᠡᠳ᠋ ᠤᠨ ᠵᠠᠰᠠᠭ ᠠᠴᠠ  ᠳᠡᠮᠵᠢᠵᠦ ᠦᠷᠨᠢᠭᠦᠯᠦᠭᠰᠡᠨ ᠳᠦᠷᠪᠡᠳᠤᠭᠡᠷ ᠪᠦᠯᠦᠭ ᠤᠨ ᠭᠡᠷ   ᠲᠡᠭᠡᠨ ᠪᠠ ᠨᠡᠶᠢᠭᠡᠮ  ᠲᠤᠭᠤᠷᠢᠭ ᠤᠨ ᠨᠠᠰᠤᠵᠢᠯ ᠤᠨ ᠠᠰᠠᠷᠠᠯᠲᠠ ᠶᠢᠨ ᠦᠢᠯᠡᠴᠢᠯᠡᠭᠡᠨ ᠤ  ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠤᠷᠤᠨ ᠢᠶᠠᠷ ᠲᠤᠭᠲᠠᠭᠠᠭᠳᠠᠪᠠ᠃ ᠡᠭᠦᠨ ᠢᠶᠠᠷ ᠲᠤᠬᠢᠶᠠᠯ ᠪᠤᠯᠭᠠᠵᠦ᠂ ᠬᠦᠬᠡᠬᠤᠲᠡ ᠨᠢ ︽ ᠳᠦᠬᠦᠮ ᠲᠦᠲᠡᠴᠢᠯᠡᠭᠰᠡᠨ᠂ ᠤᠶᠤᠨ ᠤᠬᠠᠭᠠᠨᠴᠢᠯᠠᠭᠰᠠᠨ᠂ ᠲᠤᠰᠬᠠᠶᠢᠵᠢᠭᠰᠠᠨ ᠪᠠ  ᠤᠶᠢᠷ᠎ᠠ ᠲᠤᠲᠤᠨᠤᠴᠢᠯᠠᠭᠰᠠᠨ︾ ᠠᠵᠢᠯ ᠤᠨ ᠬᠠᠷᠠᠯᠲᠠ ᠶᠢᠨ ᠲᠤᠭᠤᠷᠢᠨ ᠳᠤ  ᠭᠡᠷ ᠪᠦᠯᠢ ᠨᠡᠶᠢᠭᠡᠮ ᠲᠤᠭᠤᠷᠢᠭ ᠤᠨ ᠨᠠᠰᠤᠲᠠᠨ ᠳᠤ ᠦᠢᠯᠡᠴᠢᠯᠡᠬᠦ ᠠᠮᠢᠳᠤᠷᠠᠯ ᠤᠨ ᠲᠤᠭᠤᠷᠢᠭ ᠢ ᠴᠢᠷᠮᠠᠶᠢᠨ ᠪᠤᠢ ᠪᠤᠯᠭᠠᠪᠠ᠃          ᠵᠤᠷᠢᠯᠲᠠ ᠪᠠᠨ ᠪᠡᠶᠡᠯᠡᠭᠦᠯᠬᠦ ᠶᠢᠨ ᠲᠤᠰᠠᠲᠠ᠂ ᠬᠦᠬᠡᠬᠤᠲᠡ ᠨᠢ ᠵᠤᠬᠢᠶᠠᠨ ᠪᠠᠶᠢᠭᠤᠯᠵᠦ ᠤᠳᠤᠷᠢᠳᠤᠬᠤ ᠰᠢᠰᠲ᠋ᠧᠮ ᠪᠠᠶᠢᠭᠤᠯᠵᠦ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠤᠳᠤᠷᠢᠳᠬᠤ ᠲᠤᠭᠤᠶᠢᠯᠠᠩ ᠪᠠᠶᠢᠭᠤᠯᠵᠦ᠂ ᠪᠦᠬᠦ ᠬᠤᠲᠠ ᠶᠢᠨ ᠭᠡᠷ ᠪᠦᠯᠢ ᠪᠠ ᠨᠡᠶᠢᠭᠡᠮ ᠲᠤᠭᠤᠷᠢᠭ ᠤᠨ ᠨᠠᠰᠤᠲᠠᠨ ᠢ ᠠᠰᠠᠷᠠᠬᠤ ᠲᠤᠰᠢᠯᠲᠡ  ᠶᠢᠨ ᠴᠢᠭ᠋ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠲᠦᠯᠦᠪᠯᠡᠭᠡ ᠵᠤᠬᠢᠶᠠᠵᠠᠢ᠃ ᠬᠠᠷᠢᠶ᠎ᠠ ᠤᠷᠤᠨ ᠤ ᠨᠠᠰᠤᠲᠠᠳ ᠤᠨ ᠲᠤᠭ᠎ᠠ ᠪᠤᠯᠤᠨ ᠦᠢᠯᠡᠴᠢᠯᠡᠭᠡᠨ ᠤ ᠲᠠᠯᠠᠪᠤᠷ ᠤᠨ ᠲᠠᠯᠠᠪᠠᠢ ᠲᠠᠢ ᠤᠶᠠᠯᠳᠤᠭᠤᠯᠵᠦ  ᠪᠠᠶᠢᠭᠠᠳ ︽ ᠤᠷᠤᠨ ᠬᠤᠲᠠ ᠶᠢᠨ ᠬᠠᠮᠳᠤᠪᠠᠷ ᠪᠠᠶᠢᠭᠤᠯᠬᠤ ᠦᠯᠢᠭᠡᠷ ᠵᠢᠱᠢᠶ᠎ᠡ ᠴᠢᠭ᠋᠂ ᠤᠷᠤᠨ ᠤ ᠲᠠᠰ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠶᠡᠷᠤᠩᠬᠡᠶᠢᠯᠡᠭᠰᠡᠨ ᠴᠤᠭᠴᠠ᠂ ᠵᠡᠭᠡᠯᠢ ᠭᠤᠳᠤᠮᠵᠢ ᠶᠢᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠦᠪ᠂  ᠨᠡᠶᠢᠭᠡᠮ ᠲᠤᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ  ᠦᠷᠲᠡᠭᠡ︾ ᠳᠦᠷᠪᠡᠨ ᠵᠥᠢᠯ ᠤᠨ ᠪᠦᠳᠦᠭᠡᠨ ᠪᠠᠶᠢᠭᠤᠯᠤᠯᠲᠠ ᠶᠢᠨ ᠵᠠᠭᠪᠤᠷ ᠢ ᠲᠤᠭᠲᠠᠭᠠᠵᠦ᠂ ︽ ᠨᠠᠰᠤᠲᠠᠨ ᠳᠤ ᠦᠢᠯᠡᠴᠢᠯᠡᠬᠦ ᠬᠤᠭᠤᠯᠠᠨ ᠭᠡᠷ ᠲᠠᠢ᠂ ᠰᠤᠷᠠᠭ ᠵᠠᠩᠭᠢᠴᠢᠯᠠᠭᠰᠠᠨ ᠤᠷᠴᠢᠯᠲᠠ ᠶᠢᠨ ᠳᠠᠪᠴᠠᠩ ᠲᠠᠢ᠂ ᠡᠳᠤᠷ ᠲᠤᠳᠤᠮ ᠤᠨ ᠬᠠᠷᠠᠭᠠᠯᠵᠠᠬᠤ ᠲᠦᠪ ᠲᠠᠢ  ᠂ ᠡᠷᠡᠭᠦᠯᠵᠢᠯ ᠡᠮᠨᠡᠯᠭᠡ ᠰᠤᠪᠢᠯᠠᠯᠲᠠ ᠶᠢᠨ ᠲᠦᠷᠦᠯ ᠵᠥᠢᠯ ᠲᠠᠢ᠂  ᠤᠯᠠᠨ ᠴᠢᠳᠠᠪᠬᠢᠳᠤ ᠠᠵᠢᠯᠯᠠᠭᠠᠨ ᠤ  ᠤᠷᠤᠨ ᠲᠤᠭᠤᠷᠢᠭ ᠲᠠᠢ᠂  ᠭᠡᠷ ᠲᠤᠨᠢ ᠬᠦᠷᠭᠡᠭᠰᠡᠨ ᠦᠢᠯᠡᠴᠢᠯᠡᠭᠡ ᠲᠠᠢ︾ ᠪᠠ ︽ ᠨᠠᠰᠤᠵᠢᠯ  ᠳᠤ ᠲᠤᠬᠢᠷᠠᠬᠤ  ᠨᠢᠭᠡᠳᠦᠯᠲᠡᠢ ᠰᠢᠨᠡᠴᠢᠯᠡᠯᠲᠡ᠂   LOGO   ᠨᠢᠭᠡᠳᠦᠯᠲᠡᠢ ᠨᠡᠷᠡᠶᠢᠳᠤᠯ᠂  ᠦᠢᠯᠡᠴᠢᠯᠡᠭᠡᠨ ᠤ  ᠨᠢᠭᠡᠳᠦᠯᠲᠡᠢ ᠪᠠᠷᠢᠮᠵᠢᠶ᠎ᠠ᠂ ᠠᠮᠵᠢᠯᠲᠠ ᠪᠦᠳᠦᠮᠵᠢ ᠶᠢᠨ  ᠨᠢᠭᠡᠳᠦᠯᠲᠡᠢ ᠬᠢᠨᠠᠨ ᠰᠢᠯᠭᠠᠯᠲᠠ︾ ᠶᠢᠨ ᠵᠢᠷᠤᠮᠵᠢᠭᠰᠠᠨ ᠱᠠᠭᠠᠷᠳᠠᠯᠭ᠎ᠠ ᠶᠢ ᠲᠤᠷᠠᠳᠴᠤ᠂ 11 ᠲᠦᠷᠦᠯ ᠤᠨ 83 ᠵᠥᠢᠯ ᠤᠨ ᠦᠢᠯᠡᠴᠢᠯᠡᠭᠡᠨ ᠤ ᠪᠠᠷᠢᠮᠵᠢᠶ᠎ᠠ ᠭᠠᠷᠭᠠᠭᠰᠠᠨ ᠪᠦᠭᠡᠳ ︽ ᠬᠦᠷᠢᠶ᠎ᠡ ᠬᠠᠰᠢᠶ᠎ᠡ ᠦᠭᠡᠢ ᠬᠡᠶᠢᠰᠪᠤᠷᠢ ᠨᠠᠰᠤᠲᠠᠨ ᠢ ᠠᠰᠠᠷᠠᠬᠤ ᠬᠦᠷᠢᠶᠡᠯᠡᠩ︾ ᠢ ᠢᠳᠡᠪᠬᠢᠲᠡᠢ ᠰᠦᠪᠡᠭᠴᠢᠯᠡᠨ ᠪᠠᠶᠢᠭᠤᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠵᠦ᠂ ᠤᠯᠠᠨ ᠶᠠᠩᠵᠦᠵᠢᠯᠠᠭᠰᠠᠨ ᠦᠢᠯᠡᠴᠢᠯᠡᠭᠡ ᠶᠢ ᠨᠠᠰᠤᠲᠠᠶᠢᠴᠤᠳ ᠤᠨ ᠲᠡᠷᠭᠡᠲᠡ ᠬᠦᠷᠭᠡᠭᠰᠡᠨ ᠪᠠᠶᠢᠨ᠎ᠠ᠃         ᠤᠳᠤ᠂ ᠮᠠᠨ ᠤ ᠬᠤᠲᠠ ᠭᠡᠷ ᠲᠡᠭᠡᠨ ᠪᠠ ᠨᠡᠶᠢᠭᠡᠮ  ᠲᠤᠭᠤᠷᠢᠭ ᠤᠨ ᠨᠠᠰᠤᠵᠢᠯ ᠤᠨ ᠠᠰᠠᠷᠠᠯᠲᠠ ᠶᠢᠨ ᠦᠢᠯᠡᠴᠢᠯᠡᠭᠡᠨ ᠤ ᠲᠤᠬᠠᠢ 13 ᠵᠥᠢᠯ ᠤᠨ ᠪᠠᠷᠢᠮᠵᠢᠶᠠᠵᠢᠭᠰᠠᠨ ᠪᠢᠴᠢᠭ ᠮᠠᠲ᠋ᠧᠷᠢᠶᠠᠯ ᠢ ᠰᠤᠳᠤᠯᠤᠨ ᠲᠤᠭᠲᠠᠭᠠᠵᠦ᠂ ᠠᠷᠠᠳ ᠲᠤ  ᠠᠰᠢᠭᠲᠠᠢ ᠠᠵᠦ ᠠᠬᠤᠶᠢᠯᠠᠯ ᠳᠤ ᠠᠰᠢᠭᠲᠠᠢ 7 ᠵᠥᠢᠯ ᠤᠨ ᠠᠰᠠᠷᠠᠮᠵᠢ ᠶᠢᠨ ᠠᠷᠭ᠎ᠠ ᠬᠡᠮᠵᠢᠶ᠎ᠡ ᠶᠢ ᠲᠦᠪᠯᠡᠷᠡᠩᠭᠦᠢ ᠭᠠᠷᠭᠠᠭᠰᠠᠨ ᠪᠦᠭᠡᠳ ᠪᠦᠬᠦ ᠬᠤᠲᠠ ᠶᠢᠨ ᠨᠠᠰᠤᠲᠠᠨ ᠢ ᠠᠰᠠᠷᠠᠬᠤ ᠦᠢᠯᠡᠴᠢᠯᠡᠭᠡᠨ ᠳᠤ ᠡᠬᠢ ᠪᠠᠶᠠᠯᠢᠭ ᠤᠨ ᠨᠡᠶᠢᠳᠭᠡᠯ᠂ ᠲᠤᠭ᠎ᠠ ᠪᠠᠷᠢᠮᠲᠠ ᠶᠢᠨ ᠬᠤᠷᠠᠮᠳᠤᠭᠤᠯᠤᠯ ᠬᠢᠵᠦ᠂  ᠭᠤᠷᠪᠠᠨ ᠱᠠᠳᠤᠨ ᠤ ᠬᠢᠨᠠᠵᠦ ᠬᠠᠮᠢᠶᠠᠷᠬᠤ ᠦᠢᠯᠡᠴᠢᠯᠡᠭᠡ ᠶᠢᠨ ᠰᠢᠰᠲ᠋ᠧᠮ ᠢ ᠪᠠᠶᠢᠭᠤᠯᠪᠠ᠃ ᠤᠳᠤᠬᠠᠨ ᠳᠤ᠂ ᠦᠢᠯᠡᠴᠯᠡᠭᠡᠨ ᠤ ᠳᠠᠪᠴᠠᠩ ᠳᠤ ᠨᠠᠰᠤᠲᠠᠶᠢᠴᠤᠤᠯ ᠤᠨ ᠦᠨᠳᠦᠰᠦᠨ ᠰᠤᠷᠠᠭ ᠵᠠᠩᠭᠢ ᠶᠢᠨ ᠲᠤᠭ᠎ᠠ ᠪᠠᠷᠢᠮᠲᠠ ᠶᠢ 37.7 ᠲᠦᠮᠡᠨ ᠵᠤᠷᠪᠤᠰ ᠲᠡᠮᠳᠡᠭᠯᠡᠵᠦ᠂ ᠨᠠᠰᠤᠲᠠᠶᠢᠴᠤᠳ ᠲᠤ ᠦᠢᠯᠡᠴᠢᠯᠡᠬᠦ  ᠠᠵᠢᠯᠯᠠᠵᠦ ᠪᠠᠶᠢᠭ᠎ᠠ ᠵᠤᠬᠢᠶᠠᠨ ᠪᠠᠶᠢᠭᠤᠯᠤᠯᠲᠠ26 ᠪᠤᠯᠵᠦ᠂ ᠠᠶᠢᠯ ᠭᠡᠷ ᠤᠨ ᠦᠢᠯᠡᠴᠢᠯᠡᠭᠡ᠂ ᠦᠰᠦ ᠵᠠᠰᠠᠬᠤ ᠵᠡᠷᠭᠡ ᠨᠠᠰᠤᠲᠠᠶᠢᠴᠤᠤᠯ ᠳᠤ ᠦᠢᠯᠡᠴᠢᠯᠡᠬᠦ ᠵᠤᠬᠢᠶᠠᠨ ᠪᠠᠶᠢᠭᠤᠯᠤᠯᠲᠠ 836 ᠪᠤᠯᠵᠦ ᠦᠷᠭᠡᠵᠢᠵᠡᠢ᠃http://mongol.people.com.cn/15830784.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号