ᠬᠦᠬᠡᠬᠤᠲᠠ ᠵᠡᠷᠭᠡ  ᠬᠠᠳᠤᠨ ᠭᠤᠤᠯ ᠤᠨ ᠤᠷᠤᠰᠬᠠᠯ ᠳᠠᠭᠠᠤ 7 ᠮᠤᠵᠢ  ᠶᠢᠨ ᠲᠦᠪ  ᠬᠤᠲᠠ ᠬᠤᠳᠠᠯᠳᠤᠭᠠᠨ ᠤ  ᠶᠠᠪᠤᠳᠠᠯ  ᠤᠨ ᠳᠠᠩᠰᠠᠯᠠᠯ  ᠢ ︽ᠮᠤᠵᠢ ᠠᠯᠤᠰᠯᠠᠨ  ᠰᠢᠭᠤᠳ ᠭᠦᠢᠴᠡᠳᠭᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/11/25
       ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠷᠪᠤᠯᠵᠢᠯᠠᠭᠴᠢ ᠭᠧᠩ ᠶᠠᠨ ᠫᠢᠩ   ᠯᠢ ᠬᠠᠢ ᠴᠧᠨ︶ 11 ᠰᠠᠷ᠎ᠠ ᠶᠢᠨ 19   ᠤ ᠡᠳᠤᠷ᠂ ᠬᠠᠳᠤᠨ  ᠭᠤᠤᠯ ᠤᠨ ᠤᠷᠤᠰᠬᠠᠯ  ᠳᠠᠭᠠᠤ ᠮᠤᠵᠢ ᠨᠤᠭᠤᠳ ᠤᠨ ᠲᠦᠪ  ᠬᠤᠲᠠ ᠶᠢᠨ ᠬᠤᠳᠠᠯᠳᠤᠭᠠᠨ ᠤ ᠶᠠᠪᠤᠳᠠᠯ ‍ᠤᠨ‌‍ᠲ᠋ᠠᠩᠰᠠᠯᠠᠯ ᠢ ︽ᠮᠤᠵᠢ ᠠᠯᠤᠰᠯᠠᠨ ᠰᠢᠭᠤᠳ ᠭᠦᠢᠴᠡᠳᠭᠡᠬᠦ︾  ᠵᠢᠴᠢ ᠬᠠᠳᠤᠨ ᠭᠤᠤᠯ ᠤᠨ  ᠤᠷᠤᠰᠬᠠᠯ  ᠳᠠᠭᠠᠤ  ᠤᠷᠤᠨ ᠤ ᠠᠮᠢ ᠠᠬᠤᠢ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠢ ᠬᠦᠭᠵᠢᠯᠲᠡ ᠶᠢᠨ ᠬᠢᠨᠠᠨ ᠵᠦᠪᠰᠢᠶᠡᠷᠡᠬᠦ  ᠦᠢᠯᠡᠴᠢᠯᠡᠭᠡᠨ ᠤ ᠬᠤᠯᠪᠤᠭ᠎ᠠ ᠪᠠᠶᠢᠭᠤᠯᠤᠭᠳᠠᠬᠤ ᠶᠤᠰᠤᠯᠠᠯ ᠵᠢᠨᠠᠨ ᠬᠤᠲᠠ ᠳᠤ ᠶᠠᠪᠤᠭᠳᠠᠵᠦ᠂ ᠵᠢᠨᠠᠨ᠂ ᠬᠦᠬᠡᠬᠤᠲᠡ᠂  ᠲᠠᠶᠢᠶᠤᠸᠠᠨ᠂  ᠵᠧᠩᠵᠸᠤ᠂ ᠰᠢ ᠠᠨ᠂ ᠯᠠᠨᠵᠸᠤ᠂ ᠢᠷᠭᠠᠢ ᠵᠡᠷᠭᠡ ᠬᠠᠳᠤᠨ ᠭᠤᠤᠯ ᠤᠨ ᠤᠷᠤᠰᠬᠠᠯ ᠳᠠᠭᠠᠤ  ᠮᠤᠵᠢ   ᠶᠢᠨ ᠲᠦᠪ  ᠬᠤᠲᠠ ᠶᠢᠨ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ︽ᠬᠠᠳᠤᠨ  ᠭᠤᠤᠯ ᠤᠨ ᠤᠷᠤᠰᠬᠠᠯ ᠳᠠᠭᠠᠤ ᠤᠷᠤᠨ ᠤ  ᠠᠮᠢ ᠠᠬᠤᠢ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠢ ᠬᠦᠭᠵᠢᠯᠲᠡ ᠶᠢᠨ ᠬᠢᠨᠠᠨ ᠵᠦᠪᠰᠢᠶᠡᠷᠡᠬᠦ  ᠦᠢᠯᠡᠴᠢᠯᠡᠭᠡᠨ  ᠤ ᠬᠤᠯᠪᠤᠭ᠎ᠠ ᠶᠢᠨ ᠬᠠᠮᠳᠤᠷᠠᠯᠴᠠᠭᠠᠨ ᠤ ᠵᠦᠪᠯᠠᠯᠴᠠᠭᠡᠷ︾ ᠪᠤᠯᠤᠨ ︽ᠬᠠᠳᠤᠨ  ᠭᠤᠤᠯ ᠤᠨ ᠤᠷᠤᠰᠬᠠᠯ ᠳᠠᠭᠠᠤ ᠤᠷᠤᠨ ᠤ  ᠠᠮᠢ ᠠᠬᠤᠢ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠢ ᠬᠦᠭᠵᠢᠯᠲᠡ ᠶᠢᠨ ᠬᠢᠨᠠᠨ ᠵᠦᠪᠰᠢᠶᠡᠷᠡᠬᠦ  ᠦᠢᠯᠡᠴᠢᠯᠡᠭᠡᠨ ᠤ ᠬᠤᠯᠪᠤᠭ᠎ᠠ   ᠶᠢᠨ ᠲᠤᠩᠬᠠᠭ︾ ᠵᠢᠩᠬᠢᠨᠢ ᠪᠠᠷ ᠪᠤᠢ ᠪᠤᠯᠬᠤ ᠶᠢ ᠳᠠᠭᠠᠯᠳᠤᠵᠦ᠂ ᠬᠠᠳᠤᠨ  ᠭᠤᠤᠯ  ᠤᠨ  ᠤᠷᠤᠰᠬᠠᠯ  ᠳᠠᠭᠠᠤ  ᠮᠤᠵᠢ   ᠨᠤᠭᠤᠳ ᠤᠨ  ᠲᠦᠪ  ᠬᠤᠲᠠ ᠶᠢᠨ ᠠᠵᠦ ᠠᠬᠤᠶᠢᠯᠠᠯ ᠤᠨ ᠳᠠᠩᠰᠠᠯᠠᠯ ᠵᠡᠷᠭᠡ ᠬᠢᠨᠠᠨ ᠵᠦᠪᠰᠢᠶᠡᠷᠡᠬᠦ ᠲᠦᠷᠦᠯ ᠵᠥᠢᠯ ᠨᠢ ︽ᠮᠤᠵᠢ ᠠᠯᠤᠰᠯᠠᠨ ᠰᠢᠭᠤᠳ ᠭᠦᠢᠴᠡᠳᠭᠡᠬᠦ︾ ᠰᠢᠨ᠎ᠡ ᠵᠠᠭᠪᠤᠷ ᠲᠤ ᠤᠷᠤᠭᠰᠠᠨ ᠢ ᠬᠠᠷᠠᠭᠤᠯᠵᠦ ᠪᠠᠶᠢᠨ᠎ᠠ᠃       ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ『ᠮᠤᠵᠢ ᠠᠯᠤᠰᠯᠠᠨ ᠰᠢᠭᠤᠳ ᠭᠦᠢᠴᠡᠳᠭᠡᠬᠦ 』 ᠶᠢ ᠲᠦᠷᠭᠡᠳᠭᠡᠬᠦ ᠲᠤᠬᠠᠢ ᠵᠢᠯᠤᠭᠤᠳᠬᠤ ᠰᠠᠨᠠᠯ  ︾ ᠪᠤᠯᠤᠨ『ᠬᠠᠳᠤᠨ  ᠭᠤᠤᠯ ᠤᠨ ᠤᠷᠤᠰᠬᠠᠯ ᠳᠠᠭᠠᠤ ᠤᠷᠤᠨ ᠤ  ᠠᠮᠢ ᠠᠬᠤᠢ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠢ ᠬᠦᠭᠵᠢᠯᠲᠡ ᠶᠢᠨ  ᠪᠠᠶᠢᠯᠳᠤᠬᠤ ᠪᠤᠲᠤᠯᠭ᠎ᠠ』 ᠶᠢᠨ ᠪᠠᠶᠢᠷᠢᠯᠠᠭᠤᠯᠤᠯᠲᠠ ᠶᠢ ᠭᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠢᠨᠠᠨ ᠵᠦᠪᠰᠢᠶᠡᠷᠡᠬᠦ ᠦᠢᠯᠡᠴᠢᠯᠡᠭᠡ ᠶᠢ ᠤᠯᠠᠮ ᠰᠢᠯᠢᠳᠡᠭᠵᠢᠭᠦᠯᠵᠦ᠂ ᠠᠵᠦ ᠠᠬᠤᠶᠢᠯᠠᠯ ᠤᠨ ᠳᠠᠩᠰᠠᠯᠠᠯ ᠤᠨ ᠲᠦᠬᠦᠮ ᠲᠦᠰᠦᠷ ᠴᠢᠨᠠᠷ ᠢ ᠳᠡᠭᠡᠭᠰᠢᠯᠡᠭᠦᠯᠵᠦ᠂ ᠬᠠᠳᠤᠨ  ᠭᠤᠤᠯ ᠤᠨ  ᠤᠷᠤᠰᠬᠠᠯ  ᠳᠠᠭᠠᠤ  ᠬᠤᠲᠠᠳ ᠤᠨ ᠨᠢᠭᠡ ᠴᠤᠭᠵᠢᠭᠰᠠᠨ ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ᠵᠢᠨᠠᠨ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠲᠤᠪᠴᠢᠶ᠎ᠠ ᠨᠢ ᠬᠦᠬᠡᠬᠤᠲᠡ᠂ ᠲᠠᠶᠢᠶᠤᠸᠠᠨ᠂ ᠵᠧᠩᠵᠸᠤ᠂ ᠰᠢ ᠠᠨ᠂ ᠯᠠᠨᠵᠸᠤ᠂ ᠢᠷᠭᠠᠢ ᠵᠡᠷᠭᠡ ᠬᠠᠳᠤᠨ ᠭᠤᠤᠯ ᠳᠠᠭᠠᠤ 6 ᠮᠤᠵᠢ ᠶᠢᠨ  ᠲᠦᠪ ᠬᠤᠲᠠ ᠲᠠᠢ ᠬᠤᠯᠪᠤᠭᠠᠯᠠᠨ᠂ ᠬᠤᠳᠠᠯᠳᠤᠭᠠᠨ ᠤ ᠶᠠᠪᠤᠳᠠᠯ ᠤᠨ ᠳᠠᠩᠰᠠᠯᠠᠯ ᠢ ︽ᠮᠤᠵᠢ ᠠᠯᠤᠰᠯᠠᠨ ᠰᠢᠭᠤᠳ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠭᠠᠷᠭᠠᠵᠦ᠂ ᠪᠦᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠪᠠᠷ ᠭᠤᠤᠯᠳᠠᠭᠤᠯᠬᠤ᠂  ᠲᠤᠰᠬᠠᠢ ᠴᠤᠩᠬᠤᠷᠢᠭ ᠢᠶᠠᠷ ᠤᠷᠤᠯᠠᠨ ᠭᠦᠢᠴᠡᠳᠭᠡᠬᠦ ᠪᠠᠷ  ᠬᠠᠪᠰᠤᠷᠭᠠᠬᠤ᠂ ᠤᠯᠠᠨ ᠭᠠᠵᠠᠷ ᠬᠤᠯᠪᠤᠭᠠᠯᠠᠨ ᠭᠦᠢᠴᠡᠳᠭᠡᠬᠦ ᠶᠢ ᠤᠶᠠᠯᠳᠤᠭᠤᠯᠤᠭᠰᠠᠨ ᠠᠵᠢᠯ ᠤᠨ ᠲᠤᠭᠲᠠᠴᠠ ᠪᠠᠷ ᠳᠠᠮᠵᠢᠨ᠂ ᠴᠠᠭ ᠪᠤᠯᠤᠨ ᠤᠷᠤᠨ ᠪᠦᠰᠡ ᠶᠢᠨ ᠬᠢᠵᠠᠭᠠᠷ ᠢ ᠡᠪᠳᠡᠵᠦ᠂ ᠠᠵᠦ ᠠᠬᠤᠶᠢᠯᠠᠯ ᠤᠨ ᠪᠦᠷᠢᠳᠭᠡᠯ ᠵᠡᠷᠭᠡ 10 ᠵᠥᠢᠯ ᠤᠨ ᠬᠤᠳᠠᠯᠳᠤᠭᠠᠨ ᠤ ᠶᠠᠪᠤᠳᠠᠯ ᠤᠨ ᠳᠠᠩᠰᠠᠯᠠᠯ  ᠢ ᠬᠠᠷᠢᠯᠴᠠᠨ ᠰᠢᠭᠤᠳ ᠭᠦᠢᠴᠡᠳᠭᠡᠬᠦ ᠪᠤᠯᠭᠠᠵᠦ᠂ ᠠᠵᠦ ᠠᠬᠤᠶᠢᠯᠠᠯ ᠳᠤ ᠨᠡᠩ ᠤᠯᠠᠨ ᠡᠰᠢᠴᠢᠯᠡᠭᠰᠡᠨ᠂ ᠪᠤᠰᠤᠭ᠎ᠠ ᠴᠤᠭᠴᠠᠳᠤ ᠳᠠᠩᠰᠠᠯᠠᠯ ᠤᠨ ᠦᠢᠯᠡᠴᠢᠯᠡᠭᠡ ᠬᠠᠩᠭᠠᠪᠠ᠃ ︽ᠮᠤᠵᠢ ᠠᠯᠤᠰᠯᠠᠨ ᠰᠢᠭᠤᠳ ᠭᠦᠢᠴᠡᠳᠭᠡᠬᠦ︾ ᠠᠵᠢᠯ  ᠤᠨ ᠬᠡᠯᠪᠡᠷᠢ ᠪᠠᠷ ᠳᠠᠮᠵᠢᠨ᠂ ᠭᠤᠶᠤᠴᠢᠯᠠᠭᠴᠢ ᠨᠢ ᠰᠦᠯᠵᠢᠶ᠎ᠡ ᠪᠠᠷ ᠳᠠᠮᠵᠢᠨ ᠪᠦᠬᠦ ᠶᠠᠪᠤᠴᠠ   ᠶᠢ ᠡᠯᠧᠺᠲᠷᠤᠨᠴᠢᠯᠡᠭᠰᠡᠨ ᠬᠡᠯᠪᠡᠷᠢ ᠪᠠᠷ ᠮᠡᠳᠡᠭᠦᠯᠵᠦ᠂ ᠠᠯᠤᠰ ᠠᠴᠠ ᠬᠢᠨᠠᠨ ᠵᠦᠪᠰᠢᠶᠡᠷᠡᠭᠦᠯᠵᠦ ᠦᠨᠡᠮᠯᠡᠯ ᠤᠯᠭᠤᠵᠦ ᠪᠤᠯᠤᠨ᠎ᠠ᠃ ︽ᠮᠤᠵᠢ ᠠᠯᠤᠰᠯᠠᠨ ᠰᠢᠭᠤᠳ ᠭᠦᠢᠴᠡᠳᠭᠡᠬᠦ︾   ᠶᠢ ᠬᠡᠷᠡᠭᠵᠢᠭᠦᠯᠦᠭᠰᠡᠨ ᠨᠢ ᠵᠠᠰᠠᠭ ᠵᠠᠬᠢᠷᠭᠠᠨ ᠤ  ᠬᠤᠪᠢᠶᠠᠷᠢ ᠶᠢᠨ ᠬᠢᠵᠠᠭᠠᠷᠯᠠᠯ ᠢ ᠡᠪᠳᠡᠭᠰᠡᠨ ᠢᠶᠠᠷ ᠪᠠᠷᠠᠬᠤ ᠦᠭᠡᠢ᠂ ᠪᠠᠰᠠ ᠠᠵᠦ ᠠᠬᠤᠶᠢᠯᠠᠯ ᠳᠤ ᠲᠤᠮᠳᠠᠴᠢ ᠪᠠᠷ 3  ᠠᠴᠠ 5 ᠡᠳᠤᠷ ᠤᠨ ᠴᠠᠭ ᠢ ᠠᠷᠪᠢᠯᠠᠬᠤ ᠪᠤᠯᠤᠨ᠎ᠠ᠃http://mongol.people.com.cn/15830788.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号