ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠷᠪᠤᠯᠵᠢᠯᠠᠭᠴᠢ ᠯᠢᠶᠠᠩ ᠵᠢᠩ ᠮᠸᠢ︶ ︽ | ᠤᠯᠠᠨ ᠲᠦᠮᠡᠨ ᠶᠠᠪᠤᠳᠠᠯ ᠪᠦᠳᠦᠭᠡᠬᠦ ᠳᠡᠭᠡᠨ ᠪᠤᠰᠤᠳ ᠢ ᠭᠤᠶᠤᠬᠤ ᠦᠭᠡᠢ᠂ ᠬᠠᠮᠤᠭ ᠤᠯᠠᠨ ᠳᠠᠭᠠᠨ ᠨᠢᠭᠡ | ᠤᠳᠠᠭ᠎ᠠ ᠬᠦᠶᠦᠬᠦ︾ ᠬᠠᠷᠠᠯᠲᠠ ᠶᠢ ᠪᠡᠶᠡᠯᠡᠭᠦᠯᠵᠦ᠂ ᠪᠦᠬᠦ ᠬᠤᠲᠠ ᠶᠢᠨ ᠨᠢᠭᠡᠳᠤᠯᠲᠡᠢ ᠵᠢᠷᠤᠮᠵᠢᠭᠰᠠᠨ ᠡᠮᠨᠡᠯᠭᠡ ᠶᠢᠨ | ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ ︵ | ᠲᠤᠷᠤᠭᠰᠢ ᠨᠠᠷᠢᠨ ᠳᠠᠩᠰᠠ ᠶᠢᠨ ᠲᠦᠷᠢᠮ ᠭᠡᠵᠦ ᠲᠦᠭᠦᠮᠴᠢᠯᠡᠨ᠎ᠡ︶ ᠢ ᠪᠠᠶᠢᠭᠤᠯᠬᠤ ᠶᠢᠨ ᠲᠤᠰᠠᠲᠠ ᠬᠦᠬᠡᠬᠤᠲᠡ | ᠶᠢᠨ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ ᠤᠶᠢᠷ᠎ᠠ ᠳᠤ ︽ ᠪᠦᠬᠦ ᠬᠤᠲᠠ ᠶᠢᠨ ᠡᠮᠨᠡᠯᠭᠡ ᠶᠢᠨ ᠪᠠᠲᠤᠯᠠᠭ᠎ᠠ ᠶᠢ | ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ ︾ ︵ ᠲᠤᠷᠰᠢᠨ | ᠬᠡᠷᠡᠭᠵᠢᠭᠦᠯᠬᠦ︶ ︵ ᠲᠤᠷᠤᠭᠰᠢ ︽ ᠪᠦᠬᠦ ᠬᠤᠲᠠ ᠶᠢᠨ ᠨᠠᠷᠢᠨ ᠳᠠᠩᠰᠠ︾ ᠭᠡᠵᠦ ᠲᠦᠭᠦᠮᠴᠢᠯᠡᠨ᠎ᠡ︶ ᠢ ᠰᠤᠳᠤᠯᠤᠨ | ᠲᠤᠭᠲᠠᠭᠠᠪᠠ᠃ ᠤᠶᠢᠯᠠᠭᠠᠭᠰᠠᠨ ᠢᠶᠠᠷ᠂ ᠪᠦᠬᠦ ᠬᠤᠲᠠ ᠶᠢᠨ ᠡᠯ᠎ᠠ ᠱᠠᠳᠤᠨ ᠤ ᠡᠮᠨᠡᠯᠭᠡ ᠶᠢᠨ ᠪᠠᠲᠤᠯᠠᠭ᠎ᠠ ᠶᠢᠨ | ᠰᠠᠯᠠᠭ᠎ᠠ ᠮᠦᠴᠢᠷ ︽ ᠪᠦᠬᠦ ᠬᠤᠲᠠ ᠶᠢᠨ ᠨᠠᠷᠢᠨ ᠳᠠᠩᠰᠠ︾ ᠶᠢᠨ ᠠᠭᠤᠯᠭ᠎ᠠ ᠪᠤᠯᠤᠨ ᠬᠡᠯᠪᠡᠷᠢ ᠱᠠᠭᠠᠷᠳᠠᠯᠭ᠎ᠠ ᠶᠢ | ᠦᠨᠳᠦᠰᠦᠯᠡᠨ ︽ ᠵᠢᠷᠭᠤᠭᠠᠨ ᠨᠢᠭᠡᠳᠦᠯᠲᠡᠢ︾ ︵ ᠳᠠᠷᠤᠢ ᠤᠴᠢᠷ ᠶᠠᠪᠤᠳᠠᠯ ᠤᠨ ᠨᠡᠷᠡᠰ ᠨᠢᠭᠡᠳᠤᠯᠲᠡᠢ᠂ ᠤᠴᠢᠷ | ᠶᠠᠪᠤᠳᠠᠯ ᠤᠨ ᠨᠤᠮᠧᠷ ᠨᠢᠭᠡᠳᠤᠯᠲᠡᠢ᠂ ᠭᠦᠢᠴᠡᠳᠭᠡᠬᠦ ᠮᠠᠲ᠋ᠧᠷᠢᠶᠠᠯ ᠨᠢᠭᠡᠳᠤᠯᠲᠡᠢ᠂ ᠭᠦᠢᠴᠡᠳᠭᠡᠬᠦ ᠴᠠᠭ ᠤᠨ | ᠬᠢᠵᠠᠭᠠᠷ ᠨᠢᠭᠡᠳᠤᠯᠲᠡᠢ᠂ ᠭᠦᠢᠴᠡᠳᠭᠡᠬᠦ ᠭᠤᠭᠴᠤᠭ᠎ᠠ ᠨᠢᠭᠡᠳᠤᠯᠲᠡᠢ᠂ ᠦᠢᠯᠡᠴᠢᠯᠡᠬᠦ ᠪᠠᠷᠢᠮᠵᠢᠶ᠎ᠠ ᠨᠢᠭᠡᠳᠦᠯᠲᠡᠢ︶ | ᠪᠠ ︽ ᠳᠦᠷᠪᠡᠨ ᠬᠠᠮᠤᠭ︾ ︵ ᠳᠠᠷᠤᠢ ᠦᠢᠯᠡᠴᠢᠯᠡᠬᠦ ᠦᠷ᠎ᠡ ᠪᠦᠳᠦᠮᠵᠢ ᠬᠠᠮᠤᠭ ᠰᠠᠶᠢᠨ᠂ ᠬᠡᠷᠡᠭᠰᠡᠬᠦ ᠮᠠᠲ᠋ᠧᠷᠢᠶᠠᠯ | ᠬᠠᠮᠤᠭ ᠴᠦᠭᠡᠨ᠂ ᠭᠦᠢᠴᠡᠳᠭᠡᠬᠦ ᠴᠠᠭ ᠬᠠᠮᠤᠭ ᠤᠬᠤᠷ᠂ ᠬᠡᠷᠡᠭ ᠡᠷᠬᠢᠯᠡᠬᠦ ᠶᠠᠪᠤᠴᠠ ᠬᠠᠮᠤᠭ ᠲᠦᠬᠦᠮ︶ | ᠱᠠᠭᠠᠷᠳᠠᠯᠭ᠎ᠠ ᠶᠤᠰᠤᠭᠠᠷ ᠨᠠᠷᠢᠨ ᠳᠠᠩᠰᠠ ᠶᠢᠨ ᠲᠦᠷᠢᠮ ᠢ ᠡᠨᠡ ᠡᠳᠤᠷ ᠠᠴᠠ ᠡᠬᠢᠯᠡᠨ ᠪᠦᠬᠦ ᠲᠠᠯ᠎ᠠ ᠪᠠᠷ | ᠬᠡᠷᠡᠭᠵᠢᠭᠦᠯᠵᠠᠢ᠃ ︽ ᠪᠦᠬᠦ ᠬᠤᠲᠠ ᠶᠢᠨ ᠨᠠᠷᠢᠨ ᠳᠠᠩᠰᠠ︾ ᠶᠢ『 ᠬᠦᠬᠡᠬᠤᠲᠡ ᠶᠢᠨ ᠡᠮᠨᠡᠯᠭᠡ ᠶᠢᠨ ᠪᠠᠲᠤᠯᠠᠭ᠎ᠠ | ᠶᠢᠨ ᠲᠤᠪᠴᠢᠶ᠎ᠠ』 ᠶᠢᠨ ᠸᠢᠴᠠᠲ ᠤᠯᠠᠨ ᠨᠡᠶᠢᠲᠡ ᠶᠢᠨ ᠳᠠᠪᠴᠠᠩ ᠢᠶᠠᠷ ᠳᠠᠮᠵᠢᠨ ᠯᠠᠪᠯᠠᠵᠦ ᠪᠤᠯᠤᠨ᠎ᠠ᠃ ︽ ᠪᠦᠬᠦ | ᠬᠤᠲᠠ ᠶᠢᠨ ᠨᠠᠷᠢᠨ ᠳᠠᠩᠰᠠ︾ ᠳᠤ ᠲᠤᠲᠤᠷᠬᠠᠶᠢᠯᠠᠭᠰᠠᠨ ᠨᠢ᠂ ᠤᠳᠤᠬᠠᠨ ᠤ ᠡᠮᠨᠡᠯᠭᠡ ᠶᠢᠨ ᠪᠠᠲᠤᠯᠠᠭ᠎ᠠ ᠶᠢ | ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠤᠷᠤᠰᠢᠵᠦ ᠪᠠᠶᠢᠭ᠎ᠠ ᠠᠵᠢᠯ ᠶᠠᠪᠤᠳᠠᠯ | ᠡᠷᠬᠢᠯᠡᠬᠦ ᠶᠠᠪᠤᠴᠠ ᠶᠠᠷᠰᠢᠭ ᠲᠠᠢ᠂ ᠭᠠᠷ ᠭᠦᠢᠴᠡᠳᠭᠡᠯ ᠤᠨ ᠬᠡᠷᠡᠭᠰᠡᠬᠦ ᠴᠠᠭ ᠤᠷᠳᠤ ᠵᠡᠷᠭᠡ ᠠᠰᠠᠭᠤᠳᠠᠯ ᠳᠤ | ᠴᠢᠭᠯᠡᠭᠦᠯᠦᠨ᠂ ︽ ᠪᠦᠬᠦ ᠬᠤᠲᠠ ᠶᠢᠨ ᠨᠠᠷᠢᠨ ᠳᠠᠩᠰᠠ︾ ᠲᠠᠢ ᠬᠠᠷᠭᠤᠭᠤᠯᠤᠨ᠂ ᠨᠢᠮᠪᠠᠢ ᠬᠢᠨᠠᠮᠠᠭᠠᠢ ᠪᠠᠶᠢᠴᠠᠭᠠᠨ | ᠤᠶᠢᠯᠠᠭᠠᠵᠦ᠂ ᠳᠠᠷᠤᠢ ᠳᠤᠨᠢ ᠵᠠᠰᠠᠨ ᠵᠠᠯᠠᠷᠠᠭᠤᠯᠵᠦ᠂ ᠦᠢᠯᠡᠴᠢᠯᠡᠬᠦ ᠴᠢᠨᠠᠷ ᠴᠢᠨᠰᠠᠭ᠎ᠠ ᠪᠤᠯᠤᠨ ᠬᠢᠷᠢ ᠳᠦᠪᠰᠢᠨ ᠢ | ᠦᠨᠡᠨᠬᠦ ᠳᠡᠭᠡᠭᠰᠢᠯᠡᠭᠦᠯᠬᠦ ᠬᠡᠷᠭᠲᠡᠢ᠃ ᠡᠭᠦᠨ ᠤ ᠬᠠᠮᠳᠤ᠂ ᠴᠢᠬᠤᠯᠠ ᠪᠤᠰᠤ ᠭᠤᠭᠴᠤᠭ᠎ᠠ ᠪᠤᠯᠤᠨ ᠭᠠᠷ ᠭᠦᠢᠴᠡᠳᠭᠡᠯ | ᠢ ᠡᠷᠡᠰ ᠦᠭᠡᠶᠢᠰᠭᠡᠵᠦ᠂ ︽ ᠪᠤᠰᠤᠳ ᠮᠠᠲ᠋ᠧᠷᠢᠶᠠᠯ︾ ︽ ᠬᠤᠯᠪᠤᠭᠳᠠᠯ ᠪᠦᠬᠦᠢ ᠮᠠᠲ᠋ᠧᠷᠢᠶᠠᠯ︾ ᠵᠡᠷᠭᠡ ᠪᠠᠯᠠᠷᠬᠠᠢ | ᠵᠥᠢᠯ ᠵᠤᠷᠪᠤᠰ ᠭᠠᠷᠭᠠᠬᠤ ᠦᠭᠡᠢ ᠪᠠᠶᠢᠵᠦ᠂ ᠡᠮᠨᠡᠯᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠰᠠᠨ ᠳᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃ | | | http://mongol.people.com.cn/15830790.html |