ᠬᠤᠲᠠ ᠶᠢᠨ ᠡᠳ᠋ ᠤᠨ ᠵᠠᠰᠠᠭ ︽ᠳᠦᠷᠪᠡᠨ ᠵᠥᠢᠯ ᠤᠨ ᠤᠷᠴᠢᠨ ᠲᠤᠭᠤᠷᠢᠨ︾ ᠢ ᠡᠭᠦᠳᠴᠤ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/11/25
       ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠰᠦᠩ ᠰᠢᠶᠠᠩ ᠳ᠋ᠦᠩ   ᠴᠢᠮᠡᠭᠡᠯᠡᠭᠴᠢ ᠶᠠᠨ ᠸᠧᠨ ᠸᠧᠨ︶ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ  ᠦᠷᠭᠦᠯᠵᠢᠯᠡᠨ ᠰᠢᠯᠢᠳᠡᠭᠵᠢᠭᠦᠯᠵᠦ᠂ ᠤᠳᠤᠬᠢᠴᠢᠯᠠᠭᠰᠠᠨ ᠠᠵᠦ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠵᠦ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢᠨ ᠲᠤᠰᠠᠲᠠ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ  ︽ᠳᠦᠷᠪᠡᠨ ᠵᠥᠢᠯ  ᠤᠨ ᠤᠷᠴᠢᠨ ᠲᠤᠭᠤᠷᠢᠨ︾ ᠢ ᠲᠠᠰᠤᠷᠠᠯᠲᠠ ᠡᠭᠦᠳᠴᠤ᠂ ᠬᠤᠲᠠ ᠶᠢᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ  ᠢ ᠦᠨᠡᠨᠬᠦ ᠰᠢᠯᠢᠳᠡᠭᠵᠢᠭᠦᠯᠵᠦ ᠪᠠᠶᠢᠨ᠎ᠠ᠃       —— ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠵᠦ᠂ ᠵᠠᠰᠠᠭ ᠤᠨ ᠶᠠᠪᠤᠳᠠᠯ ᠤᠨ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠠᠭᠠᠪᠠ᠃ ᠨᠢᠭᠡ ᠳᠤ ︽ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠪᠤᠢ ᠪᠤᠯᠭᠠᠵᠦ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠬᠦᠭᠵᠢᠯᠲᠡ ᠶᠢ ᠬᠠᠮᠠᠭᠠᠯᠠᠬᠤ ᠲᠤᠬᠠᠢ ᠦᠪᠡᠷᠲᠡᠭᠡᠨ ᠵᠠᠰᠠᠬᠤ ᠤᠷᠤᠨ ᠤ ᠲᠤᠰᠬᠠᠢ ᠪᠠᠶᠢᠴᠠᠭᠠᠯᠲᠠ ᠶᠢᠨ ᠬᠠᠷᠢᠭᠤ ᠲᠤᠰᠬᠠᠯ ᠢ ᠨᠠᠶᠢᠳᠠᠪᠤᠷᠢᠵᠢᠭᠤᠯᠵᠦ᠂ ᠬᠦᠬᠡᠬᠤᠲᠡ ᠶᠢᠨ ᠠᠰᠠᠭᠤᠳᠠᠯ   ᠢ ᠴᠡᠭᠴᠡᠯᠡᠨ  ᠰᠠᠶᠢᠵᠢᠷᠠᠭᠤᠯᠬᠤ ᠲᠦᠰᠦᠯ ᠤᠨ ᠡᠭᠦᠷᠭᠡ ᠶᠢ ᠬᠤᠪᠢᠶᠠᠷᠢᠯᠠᠬᠤ ᠲᠤᠬᠠᠢ ᠬᠦᠬᠡᠬᠤᠲᠡ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠦᠰᠦᠯ︾ ᠢ ᠲᠤᠭᠲᠠᠭᠠᠵᠦ᠂ ᠡᠳ᠋ ᠤᠨ ᠵᠠᠰᠠᠭ ᠤᠨ ᠲᠤᠪᠴᠢᠶ᠎ᠠ ᠳᠤ ᠬᠤᠯᠪᠤᠭᠳᠠᠬᠤ ᠴᠡᠭᠴᠡᠯᠡᠨ ᠵᠠᠰᠠᠬᠤ ᠡᠭᠦᠷᠭᠡ ᠶᠢ ᠨᠢᠭᠡᠳ ᠨᠢᠭᠡ ᠪᠠᠷ ᠬᠠᠷᠭᠤᠭᠤᠯᠤᠨ ᠴᠡᠭᠴᠡᠯᠡᠨ ᠰᠠᠶᠢᠵᠢᠷᠠᠭᠤᠯᠵᠦ᠂ ᠰᠠᠯᠠᠭ᠎ᠠ ᠲᠠᠰᠤᠭ ᠤᠨ ᠡᠭᠦᠷᠭᠡ᠂ ᠪᠡᠶᠡᠯᠡᠭᠦᠯᠬᠦ ᠴᠠᠭ ᠬᠤᠭᠤᠴᠠᠭ᠎ᠠ᠂ ᠬᠠᠷᠢᠭᠤᠴᠠᠭᠴᠢ᠂ ᠠᠵᠢᠯ ᠤᠨ ᠳᠠᠩᠰᠠ ᠶᠢ ᠲᠤᠲᠤᠷᠬᠠᠶᠢᠯᠠᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠠᠭᠠᠨ ᠪᠡᠶᠡᠯᠡᠬᠦᠯᠬᠦ ᠶᠢ ᠦᠨᠡᠨᠬᠦ ᠪᠠᠲᠤᠯᠠᠪᠠ᠃ ᠬᠤᠶᠠᠷ ᠲᠤ ︽ᠬᠦᠬᠡᠬᠤᠲᠡ ᠶᠢᠨ ᠡᠳ᠋ ᠤᠨ ᠵᠠᠰᠠᠭ ᠤᠨ ᠲᠤᠪᠴᠢᠶ᠎ᠠ   ᠶᠢᠨ ᠠᠷᠠᠳ ᠠᠴᠠ ᠡᠵᠡᠩᠨᠡᠭᠰᠡᠨ ᠠᠵᠦ  ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠦ᠂ ᠡᠯ᠎ᠡ ᠲᠦᠷᠦᠯ ᠤᠨ ᠠᠵᠢᠯ ᠢ ᠬᠠᠷᠢᠭᠤᠴᠠᠬᠤ ᠰᠠᠯᠠᠭ᠎ᠠ ᠲᠠᠰᠤᠭ ᠪᠤᠯᠤᠨ ᠬᠠᠷᠢᠭᠤᠴᠠᠯᠭᠠᠲᠠᠨ ᠢ ᠲᠤᠲᠤᠷᠬᠠᠶᠢᠯᠠᠵᠦ᠂ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠵᠦ ᠦᠷ᠎ᠡ ᠪᠦᠳᠦᠮᠵᠢ ᠤᠯᠬᠤ ᠶᠢ ᠦᠨᠡᠨᠬᠦ ᠪᠡᠲᠤᠯᠠᠪᠠ᠃       —— ᠬᠤᠶᠠᠷ ᠨᠠᠷᠢᠨ ᠳᠠᠩᠰᠠ ᠶᠢ ᠰᠠᠶᠢᠳᠤᠷ ᠬᠠᠮᠢᠶᠠᠷᠴᠤ᠂ ᠬᠠᠤᠯᠢ ᠴᠠᠭᠠᠵᠠ ᠶᠢᠨ ᠰᠡᠳᠬᠢᠬᠦᠢ ᠪᠠᠨ ᠳᠡᠭᠡᠭᠰᠢᠯᠡᠭᠦᠯᠵᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠪᠠ᠃ ᠨᠢᠭᠡ ᠳᠤ ᠵᠠᠰᠠᠭ ᠵᠠᠬᠢᠷᠭ᠎ᠠ ᠠᠵᠦ ᠦᠢᠯᠡᠰ ᠤᠨ ᠴᠢᠨᠠᠷᠲᠠᠢ ᠲᠠᠲᠠᠪᠤᠷᠢ ᠪᠤᠯᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠨᠠᠷᠢᠨ ᠳᠠᠩᠰᠠ ᠶᠢ ᠪᠠᠶᠢᠭᠤᠯᠤᠨ ᠨᠡᠶᠢᠲᠡᠯᠡᠪᠡ᠃ ᠵᠠᠰᠠᠭ ᠵᠠᠬᠢᠷᠭ᠎ᠠ ᠠᠵᠦ ᠦᠢᠯᠡᠰ  ᠤᠨ ᠴᠢᠨᠠᠷᠲᠠᠢ ᠲᠠᠲᠠᠪᠤᠷᠢ ᠪᠤᠯᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠨᠠᠷᠢᠨ ᠳᠠᠩᠰᠠ ᠲᠦᠷᠦᠯ ᠵᠥᠢᠯ ᠢ ᠨᠡᠶᠢᠭᠡᠮ ᠨᠡᠶᠢᠲᠡ ᠳᠤ ᠵᠠᠷᠯᠠᠭᠰᠠᠨ ᠪᠦᠭᠡᠳ ᠬᠤᠲᠠ ᠶᠢᠨ ᠵᠠᠰᠠᠭ ᠤᠨ ᠤᠷᠳᠤᠨ ᠤ ᠠᠯᠪᠠᠨ ᠰᠦᠯᠵᠢᠶᠡᠨ ᠦᠷᠲᠡᠭᠡ ᠪᠠᠷ ᠳᠠᠮᠵᠢᠨ ᠨᠡᠶᠢᠭᠡᠮ ᠨᠡᠶᠢᠲᠡ ᠳᠤ ᠮᠡᠳᠡᠭᠳᠡᠵᠡᠢ᠃ ᠬᠤᠶᠠᠷ ᠲᠤ ᠡᠷᠬᠡ ᠬᠠᠷᠢᠭᠤᠴᠠᠯᠭ᠎ᠠ  ᠶᠢᠨ ᠨᠠᠷᠢᠨ ᠳᠠᠩᠰᠠ ᠶᠢ ᠬᠡᠷᠡᠭᠵᠢᠭᠦᠯᠪᠡ᠃ ᠤᠤᠯ ᠤᠨ109 ᠵᠥᠢᠯ ᠤᠨ ᠵᠠᠰᠠᠭ ᠤᠨ ᠡᠷᠬᠡ ᠶᠢ 21 ᠵᠥᠢᠯ ᠪᠤᠯᠲᠠᠯ᠎ᠠ  ᠬᠠᠰᠤᠵᠦ᠂ ᠨᠠᠷᠢᠨ ᠳᠠᠩᠰᠠ ᠶᠢ  ᠲᠤᠲᠤᠷᠬᠠᠶᠢᠯᠠᠵᠦ ᠡᠷᠬᠡ ᠶᠢ ᠬᠠᠰᠤᠪᠠ᠃ ᠵᠠᠰᠠᠭ ᠵᠠᠬᠢᠷᠭᠠᠨ ᠤ ᠡᠷᠬᠡ  ᠶᠢ ᠲᠤᠬᠢᠷᠠᠭᠤᠯᠵᠦ ᠰᠢᠯᠢᠳᠡᠭᠵᠢᠭᠦᠯᠦᠭᠰᠡᠨ ᠰᠠᠭᠤᠷᠢᠨ ᠳᠡᠭᠡᠷ᠎ᠡ᠂ ᠵᠠᠰᠠᠭ ᠤᠨ ᠤᠷᠳᠤᠨ ᠤ ᠠᠯᠪᠠᠨ ᠰᠦᠯᠵᠢᠶᠡᠨ ᠳᠤ ᠲᠤᠰᠬᠠᠢ ᠪᠤᠯᠤᠩ ᠨᠡᠭᠡᠭᠡᠵᠦ᠂ ᠡᠳ᠋ ᠤᠨ ᠵᠠᠰᠠᠭ ᠤᠨ ᠡᠷᠬᠡ ᠶᠢ ᠤᠯᠠᠨ ᠲᠦᠮᠡᠨ ᠳᠤ ᠦᠨᠡᠨᠬᠦ ᠮᠡᠳᠡᠭᠦᠯᠬᠦ ᠪᠤᠯᠪᠠ᠃       —— ᠭᠠᠶᠢᠯᠢ  ᠪᠠ ᠲᠠᠲᠠᠪᠤᠷᠢ ᠶᠢ ᠶᠡᠷᠤᠩᠬᠡᠶᠢᠯᠡᠨ ᠵᠠᠰᠠᠬᠤ ᠬᠠᠮᠢᠶᠠᠷᠤᠯᠲᠠ ᠶᠢ ᠴᠢᠩᠭᠠᠳᠬᠠᠵᠦ᠂ ᠵᠠᠬ᠎ᠠ ᠳᠡᠯᠭᠡᠭᠦᠷ ᠤᠨ ᠬᠤᠳᠠᠯᠳᠤᠭᠠᠨ ᠤ ᠭᠤᠤᠯᠴᠢ ᠡᠵᠡᠩᠨᠡᠯᠲᠡ ᠶᠢᠨ ᠤᠷᠴᠢᠨ ᠲᠤᠭᠤᠷᠢᠨ ᠢ ᠡᠭᠦᠳᠪᠡ᠃ ᠨᠢᠭᠡ ᠳᠤ ᠭᠠᠶᠢᠯᠢ ᠶᠢ ᠶᠡᠷᠤᠩᠬᠡᠶᠢᠯᠡᠨ ᠴᠢᠩᠭ᠎ᠠ ᠵᠠᠰᠠᠵᠦ᠂ ᠭᠠᠶᠢᠯᠢ ᠶᠢᠨ ᠭᠤᠤᠯᠴᠢ ᠵᠠᠷᠴᠢᠮ ᠢ ᠨᠠᠶᠢᠳᠠᠪᠤᠷᠢᠵᠢᠭᠤᠯᠪᠠ᠃ ᠬᠤᠶᠠᠷ ᠲᠤ ᠲᠤᠰᠬᠠᠢ ᠬᠢᠨᠠᠯᠲᠠ ᠪᠠᠶᠢᠴᠠᠭᠠᠯᠲᠠ ᠦᠷᠨᠢᠭᠦᠯᠵᠦ᠂ ᠭᠠᠶᠢᠯᠢ ᠬᠤᠷᠢᠶᠠᠬᠤ ᠨᠢᠭᠡᠴᠡ ᠶᠢᠨ ᠬᠠᠤᠯᠢ ᠬᠡᠷᠡᠭᠵᠢᠭᠦᠯᠦᠯᠲᠡ ᠶᠢ ᠬᠢᠨᠠᠵᠦ ᠠᠬᠢᠭᠤᠯᠪᠠ᠃ ᠡᠨᠡ ᠵᠢᠯ ᠡᠳ᠋ ᠤᠨ ᠵᠠᠰᠠᠭ ᠤᠨ ᠲᠤᠪᠴᠢᠶ᠎ᠠ ︽ᠮᠡᠳᠡᠭᠳᠡᠯ︾ ᠨᠡᠶᠢᠲᠡᠯᠡᠵᠦ᠂ ᠪᠦᠬᠦ ᠬᠤᠲᠠ ᠶᠢᠨ ᠬᠡᠪᠴᠢᠶᠡᠨ ᠳᠤ  2019 ᠤᠨ ᠤ ᠪᠦᠬᠦ ᠵᠢᠯ ᠪᠤᠯᠤᠨ 2020 ᠤᠨ ᠤ 1  ᠠᠴᠠ 5 ᠰᠠᠷ᠎ᠠ ᠳᠠᠬᠢ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠲᠠᠲᠠᠪᠤᠷᠢ ᠪᠠ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠲᠤᠰᠬᠠᠢ ᠲᠦᠷᠦᠯ ᠤᠨ ᠬᠢᠨᠠᠯᠲᠠ ᠪᠠᠶᠢᠴᠠᠭᠠᠯᠲᠠ ᠦᠷᠨᠢᠭᠦᠯᠵᠦ᠂ ᠦᠪᠡᠷᠲᠡᠭᠡᠨ ᠪᠠᠶᠢᠴᠠᠭᠠᠬᠤ ᠪᠠ ᠰᠤᠭᠤᠴᠠᠨ ᠪᠠᠶᠢᠴᠠᠭᠠᠬᠤ ᠶᠢ ᠤᠶᠠᠯᠳᠤᠭᠤᠯᠵᠦ᠂ ᠲᠤᠷᠠᠪᠠᠷ ᠰᠦᠢᠳᠭᠡᠯ ᠬᠤᠷᠢᠶᠠᠬᠤ ᠵᠡᠷᠭᠡ ᠨᠡᠯᠢᠶᠡᠳ ᠤᠯᠠᠨ ᠠᠰᠠᠭᠤᠳᠠᠯ ᠢ ᠲᠤᠰᠬᠠᠢ ᠪᠠᠶᠢᠴᠠᠭᠠᠨ ᠰᠢᠢᠳᠪᠤᠷᠢᠯᠡᠭᠰᠡᠨ ᠪᠠᠶᠢᠨ᠎ᠠ᠃        —— ᠰᠤᠷᠤᠯᠭ᠎ᠠ ᠪᠤᠯᠪᠠᠰᠤᠷᠠᠯ ᠢ ᠴᠢᠩᠭᠠᠳᠬᠠᠵᠦ᠂ ᠬᠤᠳᠠᠯᠳᠤᠭ᠎ᠠ ᠡᠷᠬᠢᠯᠡᠬᠦ ᠬᠦᠮᠤᠨ ᠨᠡᠶᠢᠭᠡᠮ ᠤᠨ ᠰᠠᠶᠢᠨ ᠰᠠᠶᠢᠬᠠᠨ ᠤᠷᠴᠢᠨ ᠢ ᠪᠤᠢ ᠪᠤᠯᠭᠠᠪᠠ᠃ ᠨᠢᠭᠡ ᠳᠤ ︽ᠪᠢᠴᠢᠭ ᠮᠠᠲ᠋ᠧᠷᠢᠶᠠᠯ ᠤᠨ ᠡᠮᠬᠢᠳᠭᠡᠯ︾ ᠨᠠᠶᠢᠷᠠᠭᠤᠯᠤᠨ ᠭᠠᠷᠭᠠᠵᠦ᠂ ᠡᠳᠤᠷ ᠲᠤᠲᠤᠮ ᠤᠨ ᠠᠵᠢᠯ ᠤᠨ ᠵᠢᠯᠤᠭᠤᠳᠤᠮᠵᠢ ᠪᠤᠯᠭᠠᠪᠠ᠃ ︽ᠪᠢᠴᠢᠭ ᠮᠠᠲ᠋ᠧᠷᠢᠶᠠᠯ  ᠤᠨ ᠡᠮᠬᠢᠳᠭᠡᠯ︾   ᠢᠶᠠᠷ ᠳᠠᠮᠵᠢᠨ ᠳᠡᠭᠡᠷ᠎ᠡ ᠱᠠᠳᠤᠨ ᠤ ᠰᠠᠯᠠᠭ᠎ᠠ ᠮᠦᠴᠢᠷ᠂ ᠡᠯ᠎ᠡ ᠲᠦᠰᠦᠪ ᠤᠨ ᠨᠢᠭᠡᠴᠡ ᠪᠤᠯᠤᠨ ᠨᠡᠶᠢᠭᠡᠮ ᠤᠨ ᠤᠯᠠᠨ ᠲᠦᠮᠡᠨ ᠳᠤ ᠡᠳ᠋ ᠤᠨ ᠵᠠᠰᠠᠭ ᠤᠨ ᠲᠦᠷᠦ ᠶᠢᠨ ᠪᠤᠲᠤᠯᠭ᠎ᠠ ᠬᠠᠤᠯᠢ ᠲᠦᠷᠢᠮ ᠢ ᠦᠷᠭᠡᠨ ᠢᠶᠠᠷ ᠤᠬᠠᠭᠤᠯᠵᠦ᠂ ᠠᠵᠢᠯ ᠢ ᠤᠷᠤᠭᠰᠢ ᠠᠬᠢᠭᠤᠯᠪᠠ᠃ ᠬᠤᠶᠠᠷ ᠲᠤ ᠪᠤᠯᠪᠠᠰᠤᠷᠠᠯ ᠰᠢᠯᠭᠠᠯᠲᠠ ᠶᠢ ᠴᠢᠩᠭᠠᠳᠬᠠᠵᠦ᠂ ᠬᠦᠮᠤᠨ ᠨᠡᠶᠢᠭᠡᠮ ᠤᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃ ᠡᠨᠡ ᠵᠢᠯ ᠤᠨ 6 ᠰᠠᠷ᠎ᠠ ᠳᠤ ︽ᠤᠭ ᠵᠤᠷᠢᠯᠲᠠ ᠪᠠᠨ ᠪᠠᠳᠤ ᠰᠠᠬᠢᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠵᠤᠷᠢᠭᠲᠠᠢ ᠭᠦᠢᠴᠡᠳᠭᠡᠵᠦ᠂ ᠨᠠᠮ ᠤᠨ ᠪᠠᠶᠢᠭᠤᠯᠤᠯᠲᠠ ᠪᠠᠷ ᠵᠢᠯᠤᠭᠤᠳᠤᠭᠤᠯᠤᠨ ᠤᠬᠢ ᠰᠠᠶᠢᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠡᠭᠦᠳᠬᠦ︾ ᠭᠤᠤᠯ ᠰᠡᠳᠤᠪᠳᠤ ᠨᠠᠮ ᠤᠨ ᠡᠳᠤᠷ ᠤᠨ ᠠᠵᠢᠯᠯᠠᠭ᠎ᠠ ᠲᠠᠢ ᠤᠶᠠᠯᠳᠤᠭᠤᠯᠤᠨ ︽ᠬᠦᠬᠡᠬᠤᠲᠡ ᠶᠢᠨ ᠡᠳ᠋  ᠤᠨ ᠵᠠᠰᠠᠭ ᠤᠨ ᠲᠤᠪᠴᠢᠶ᠎ᠠ ᠶᠢᠨ ᠬᠤᠳᠠᠯᠳᠤᠭ᠎ᠠ  ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠬᠠᠤᠯᠢ ᠲᠦᠷᠢᠮ ᠤᠨ ᠮᠡᠳᠡᠯᠭᠡ ᠪᠤᠯᠤᠨ ᠬᠡᠪ ᠰᠤᠷᠲᠠᠯ ᠢ ᠰᠠᠶᠢᠵᠢᠷᠠᠭᠤᠯᠬᠤ ᠳᠤ ᠮᠡᠳᠡᠪᠡᠰᠤ ᠴᠢᠳᠠᠪᠠᠰᠤ ᠵᠤᠬᠢᠬᠤ ᠮᠡᠳᠡᠯᠭᠡ︾  ᠶᠢᠨ ᠰᠢᠯᠭᠠᠯᠲᠠ ᠬᠢᠪᠡ᠃http://mongol.people.com.cn/15830791.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号