ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ 2020 ᠤᠨ ᠪᠤᠯ ᠶᠠᠳᠠᠭᠤ ᠶᠢ ᠲᠡᠳᠭᠦᠬᠦ ᠬᠠᠲᠠᠭᠤ | ᠲᠠᠶᠢᠯᠠᠯᠳᠤᠭᠠᠨ ᠤ ᠰᠢᠢᠳᠪᠤᠷᠢᠳᠤ ᠢᠯᠠᠯᠲᠠ ᠤᠯᠬᠤ ᠵᠢᠯ ᠮᠥᠨ᠂ ᠬᠦᠬᠡᠬᠤᠲᠡ ᠶᠢᠨ ᠤᠷᠤᠨ ᠰᠠᠭᠤᠴᠠ ᠪᠠ ᠬᠤᠲᠠ | ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ ᠶᠠᠳᠠᠭᠤ ᠡᠷᠦᠬᠡ ᠶᠢᠨ ᠤᠷᠤᠨ ᠰᠠᠭᠤᠴᠠ ᠶᠢᠨ ᠠᠮᠤᠷ | ᠲᠦᠪᠰᠢᠨ ᠤ ᠠᠰᠠᠭᠤᠳᠠᠯ ᠢ ᠭᠤᠤᠯ ᠡᠭᠦᠷᠭᠡ ᠪᠠᠨ ᠪᠤᠯᠭᠠᠨ ᠬᠦᠴᠦ ᠲᠠᠯᠪᠢᠵᠦ᠂ ᠶᠠᠳᠠᠭᠤ ᠬᠦᠮᠤᠨ ᠪᠦᠯᠢ ᠶᠢᠨ ︽ | ᠬᠤᠶᠠᠷ ᠲᠤ ᠵᠤᠪᠠᠭ᠋ᠤ ᠦᠭᠡᠢ᠂ ᠭᠤᠷᠪᠠᠨ ᠪᠠᠲᠤᠯᠠᠭ᠎ᠠ︾ ᠶᠢᠨ ᠶᠡᠷᠤᠩᠬᠡᠢ ᠬᠠᠷᠠᠯᠲᠠ ᠳᠠᠬᠢ ᠤᠷᠤᠨ ᠰᠠᠭᠤᠴᠠ ᠶᠢᠨ | ᠪᠠᠲᠤᠯᠠᠭ᠎ᠠ ᠶᠢ ᠰᠢᠢᠳᠪᠤᠷᠢᠯᠡᠬᠦ ᠴᠢᠨᠠᠷᠲᠠᠢ ᠠᠬᠢᠭᠤᠯᠵᠦ᠂ ︽ ᠶᠠᠳᠠᠭᠤ ᠬᠦᠴᠢᠷᠳᠡᠯᠲᠡᠢ ᠬᠦᠮᠤᠨ ᠪᠦᠯᠢ ᠶᠢ ᠠᠶᠤᠯᠲᠠᠢ | ᠭᠡᠷ ᠲᠤ ᠰᠠᠭᠤᠯᠭᠠᠬᠤ ᠦᠭᠡᠢ︾ ᠬᠠᠷᠠᠯᠲᠠ ᠶᠢ ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ | ᠤᠶᠢᠯᠠᠭᠠᠭᠰᠠᠨ ᠢᠶᠠᠷ ᠂ ᠬᠦᠳᠡᠭᠡ ᠲᠤᠰᠬᠤᠨ ᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ | ᠠᠵᠢᠯ ᠤᠨ ᠭᠤᠤᠯᠳᠠᠯᠭ᠎ᠠ ᠨᠢ ᠬᠦᠳᠡᠭᠡ ᠲᠤᠰᠬᠤᠨ ᠤ ᠰᠠᠭᠤᠬᠤ ᠭᠡᠷ ᠨᠢ ᠬᠠᠮᠤᠭ ᠠᠶᠤᠯᠲᠠᠢ᠂ ᠠᠵᠦ ᠠᠬᠤᠢ ᠨᠢ | ᠬᠠᠮᠤᠭ ᠬᠦᠴᠢᠷ ᠲᠠᠢ ᠡᠷᠦᠬᠡ ᠶᠢᠨ ᠭᠡᠷ ᠪᠠᠶᠢᠰᠢᠩ ᠤᠨ ᠠᠶᠤᠯᠭᠦᠢ ᠠᠰᠠᠭᠤᠳᠠᠯ ᠢ ᠰᠢᠢᠳᠪᠤᠷᠢᠯᠡᠬᠦ ᠳᠡᠭᠡᠷ᠎ᠡ | ᠢᠯᠡᠷᠡᠵᠦ ᠪᠠᠶᠢᠳᠠᠭ᠃ ᠡᠭᠦᠨ ᠳᠤ ᠨᠢᠭᠡ ᠪᠦᠯᠦᠭ ︵C ᠲᠡᠰ︶ ᠪᠤᠶᠤ ︵D ᠲᠡᠰ︶ ᠤᠨ ᠺᠠᠷᠲᠯᠠᠵᠦ | ᠳᠠᠩᠰᠠᠯᠠᠭᠰᠠᠨ ᠶᠠᠳᠠᠭᠤ ᠡᠷᠦᠬᠡ᠂ ᠬᠠᠮᠤᠭ ᠨᠠᠭᠠᠳᠤ ᠵᠠᠬ᠎ᠠ ᠶᠢᠨ ᠪᠠᠲᠤᠯᠠᠭᠠᠳᠤ ᠡᠷᠦᠬᠡ᠂ ᠲᠠᠷᠬᠠᠢ ᠪᠤᠲᠠᠷᠠᠬᠠᠢ | ᠲᠡᠳᠭᠦᠭᠳᠡᠵᠦ ᠪᠠᠶᠢᠭ᠎ᠠ ᠤᠨᠴᠠ ᠬᠦᠴᠢᠷᠲᠠᠢ ᠬᠦᠮᠤᠰ ᠪᠤᠯᠤᠨ ᠶᠠᠳᠠᠭᠤ ᠬᠦᠴᠢᠷᠲᠠᠢ ᠵᠠᠮᠳᠡᠭᠴᠤᠳ ᠤᠨ ᠭᠡᠷ ᠪᠦᠯᠢ | ᠪᠤᠯ ᠨᠦᠬᠦᠪᠤᠷᠢ ᠶᠢᠨ ᠬᠡᠪᠴᠢᠶᠡᠨ ᠳᠤ ᠤᠷᠤᠬᠤ ᠪᠤᠯᠤᠨ᠎ᠠ᠃2016 ᠠᠴᠠ 2020 ᠤᠨ ᠳᠤ ᠲᠤᠰ ᠬᠤᠲᠠ ᠨᠢ | ᠨᠡᠶᠢᠲᠡᠬᠦ᠋ᠳᠡᠭᠡ ᠲᠤᠰᠬᠤᠨ ᠤ 13073 ᠲᠠᠷᠢᠶᠠᠴᠢᠨ ᠡᠷᠦᠬᠡ ᠶᠢᠨ ᠠᠶᠤᠯᠲᠠᠢ ᠭᠡᠷ ᠪᠠᠶᠢᠰᠢᠩ ᠢ ᠵᠠᠰᠠᠵᠦ | ᠪᠠᠶᠢᠭᠤᠯᠵᠠᠢ᠃ | ᠪᠦᠬᠦ ᠲᠠᠯ᠎ᠠ ᠶᠢᠨ ᠪᠠᠶᠢᠴᠠᠭᠠᠯᠲᠠ ᠳᠤ ︽ᠳᠦᠷᠪᠡᠨ ᠲᠦᠷᠦᠯ ᠤᠨ ᠭᠤᠤᠯᠳᠠᠯᠭ᠎ᠠ ᠲᠠᠢ ᠬᠥᠮᠥᠰ︾ ᠤᠨ ᠭᠡᠷ | ᠪᠠᠶᠢᠰᠢᠩ ᠳᠤ ᠬᠢᠨᠠᠨ ᠲᠤᠭᠲᠠᠭᠠᠯ ᠬᠢᠬᠦ ᠠᠵᠢᠯ ᠢ ᠪᠦᠬᠦᠨ ᠢ ᠭᠦᠢᠴᠡᠳᠭᠡᠪᠡ᠃ 2018 ᠠᠴᠠ 2020 ᠤᠨ ᠳᠤ | ᠨᠡᠶᠢᠲᠡ15.7 ᠲᠦᠮᠡᠨ ᠡᠷᠦᠬᠡ ᠳᠤ ᠬᠢᠨᠠᠨ ᠲᠤᠭᠲᠠᠭᠠᠯ ᠬᠢᠵᠦ᠂ ᠬᠢᠨᠠᠨ ᠰᠢᠯᠭᠠᠷᠠᠭᠤᠯᠤᠭᠰᠠᠨ ᠭᠡᠷᠡᠴᠢ ᠭᠠᠷᠭᠠᠵᠦ᠂ | ᠬᠤᠰᠢᠭᠤ ᠰᠢᠶᠠᠨ ᠲᠤᠭᠤᠷᠢᠭ᠂ ᠰᠤᠮᠤ ᠪᠠᠯᠭᠠᠰᠤ᠂ ᠲᠤᠰᠬᠤᠨ᠂ ᠲᠠᠷᠢᠶᠠᠴᠢᠨ ᠡᠷᠦᠬᠡ ᠳᠦᠷᠪᠡᠨ ᠱᠠᠳᠤᠨ ᠳᠤ | ᠦᠯᠡᠳᠡᠭᠡᠨ ᠬᠠᠳᠠᠭᠠᠯᠠᠵᠦ᠂ ᠠᠶᠤᠯ᠂ ᠳᠠᠯᠳᠠ ᠭᠡᠮ ᠤᠨ ᠪᠠᠶᠢᠴᠠᠭᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ | ᠪᠠᠶᠢᠨ᠎ᠠ᠃᠂ | ᠡᠮᠬᠢ ᠲᠢᠭᠯᠢᠮ ᠲᠠᠢ ᠶᠠᠪᠤᠭᠳᠠᠭᠤᠯᠵᠦ᠂ ᠠᠶᠤᠯᠲᠠᠢ ᠭᠡᠷ ᠪᠠᠶᠢᠰᠢᠩ ᠢ ᠦᠭᠡᠷᠡᠴᠢᠯᠡᠬᠦ ᠰᠢᠪᠲᠤᠷᠭᠠᠨ ᠤ | ᠪᠠᠷᠢᠯᠭ᠎ᠠ ᠶᠢ ᠴᠠᠭ ᠲᠤᠬᠠᠢ ᠳᠤᠨᠢ ᠪᠡᠶᠡᠯᠡᠭᠦᠯᠪᠡ᠃ 2020 ᠤᠨ ᠤ ᠬᠦᠳᠡᠯᠦᠩᠭᠦᠢ ᠲᠤᠬᠢᠷᠠᠭᠤᠯᠤᠯᠲᠠ ᠳᠤ ᠪᠤᠢ | ᠪᠤᠯᠤᠭᠰᠠᠨ ᠰᠠᠭᠤᠬᠤ ᠭᠡᠷ ᠤᠨ ᠠᠮᠤᠷ ᠲᠦᠪᠰᠢᠨ ᠤ ᠳᠦᠷᠪᠡᠨ ᠲᠦᠷᠦᠯ ᠤᠨ ᠭᠤᠤᠯᠳᠠᠯᠭ᠎ᠠ ᠲᠠᠢ ᠨᠢᠭᠤᠷᠯᠠᠯ ᠢ | ᠪᠦᠬᠦ ᠲᠠᠯ᠎ᠠ ᠪᠠᠷ ᠪᠠᠶᠢᠴᠠᠭᠠᠵᠦ᠂ ᠬᠤᠯᠪᠤᠭᠠᠯᠠᠨ ᠶᠠᠳᠠᠭᠤ ᠶᠢ ᠲᠡᠳᠭᠦᠬᠦ᠂ ᠠᠷᠠᠳ ᠤᠨ ᠶᠠᠪᠤᠳᠠᠯ᠂ ᠵᠡᠮᠳᠡᠭᠴᠤᠤᠯ ᠤᠨ | ᠬᠤᠯᠪᠤᠭ᠎ᠠ ᠶᠢᠨ ᠰᠠᠯᠠᠭ᠎ᠠ ᠮᠦᠴᠢᠷ ᠠᠴᠠ ᠬᠦᠳᠡᠭᠡ ᠲᠤᠰᠬᠤᠨ ᠤ ᠠᠶᠤᠯᠲᠠᠢ ᠭᠡᠷ ᠪᠠᠶᠢᠰᠢᠩ ᠤᠨ ᠦᠭᠡᠷᠡᠴᠢᠯᠡᠨ | ᠵᠠᠰᠠᠬᠤ ᠨᠢᠭᠤᠷᠯᠠᠯ ᠤᠨ ᠤᠨᠤᠪᠴᠢᠲᠠᠢ ᠴᠢᠨᠠᠷ ᠢ ᠢᠯᠭᠠᠬᠤ ᠪᠠ ᠦᠭᠡᠷᠡᠴᠢᠯᠡᠨ ᠵᠠᠰᠠᠬᠤ ᠬᠦᠰᠡᠯ ᠢ ᠨᠤᠳᠠᠯᠠᠵᠦ᠂ | 2020 ᠤᠨ ᠤ ᠬᠦᠳᠡᠭᠡ ᠲᠤᠰᠬᠤᠨ ᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠡᠬᠦᠷᠭᠡ ᠳᠤ 531 | ᠡᠷᠦᠬᠡ ᠶᠢ ᠵᠢᠭᠰᠠᠭᠠᠵᠦ᠂ ᠤᠳᠤᠬᠠᠨ ᠳᠤ ᠪᠦᠬᠦᠨ ᠢ ᠪᠦᠳᠦᠭᠡᠨ ᠪᠠᠶᠢᠭᠤᠯᠵᠦ ᠰᠢᠯᠭᠠᠨ ᠠᠪᠴᠠᠢ᠃ ᠠᠶᠤᠯᠲᠠᠢ ᠭᠡᠷ | ᠲᠤ ᠰᠠᠭᠤᠬᠤ ᠦᠭᠡᠢ ᠶᠢ ᠪᠠᠲᠤᠯᠠᠬᠤ ᠶᠢᠨ ᠲᠤᠯᠠᠲᠠ᠂ ᠲᠤᠰ ᠲᠤᠪᠴᠢᠶ᠎ᠠ ᠪᠦᠬᠦ ᠬᠤᠲᠠ ᠶᠢᠨ 26664 ᠡᠷᠦᠬᠡ | 57646 ᠬᠦᠮᠤᠨ ᠳᠤ ᠳᠠᠩᠰᠠ ᠪᠠᠶᠢᠭᠤᠯᠤᠨ ᠺᠠᠷᠲᠯᠠᠵᠦ᠂ ᠶᠠᠳᠠᠭᠤ ᠬᠦᠴᠢᠷᠲᠡᠢ ᠡᠷᠦᠭᠡ ᠶᠢᠨ ᠭᠡᠷ ᠪᠠᠶᠢᠰᠢᠩ ᠤᠨ | ᠠᠮᠤᠷ ᠳᠦᠪᠰᠢᠨ ᠤ ᠠᠰᠠᠭᠤᠳᠠᠯ ᠳᠤ ᠪᠠᠶᠢᠴᠠᠭᠠᠨ ᠴᠡᠭᠴᠡᠯᠡᠯᠲᠡ ᠦᠷᠨᠢᠭᠦᠯᠪᠡ᠃ ᠭᠤᠷᠪᠠᠨ ᠡᠭᠡᠯᠵᠢ ᠶᠢᠨ | ᠠᠵᠢᠯᠯᠠᠭ᠎ᠠ ᠪᠠ ᠭᠠᠷ ᠤᠲᠠᠰᠤᠨ ᠤ App ᠪᠠᠷ ᠳᠠᠮᠵᠢᠨ᠂ ᠲᠤᠰᠬᠤᠨ ᠤ ᠨᠠᠮ ᠤᠨ ᠡᠭᠦᠷ ᠠᠷᠠᠳ ᠤᠨ ᠵᠦᠪᠯᠡᠯ | ᠪᠤᠯᠤᠨ ᠲᠤᠰᠬᠤᠨ ᠳᠤ ᠰᠠᠭᠤᠭ᠎ᠠ ᠨᠢᠭᠡᠳᠤᠭᠡᠷ ᠱᠦᠵᠢ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨᠠᠨ | ᠰᠢᠯᠭᠠᠯᠲᠠ ᠪᠠᠷ ᠭᠤᠤᠯᠳᠠᠭᠤᠯᠵᠦ᠂ ᠳᠠᠩᠰᠠᠯᠠᠵᠦ ᠺᠠᠷᠲᠯᠠᠭᠰᠠᠨ ᠶᠠᠳᠠᠭᠤ ᠡᠷᠦᠬᠡ ᠶᠢᠨ ᠤᠷᠤᠨ ᠰᠠᠭᠤᠴᠠ ᠶᠢᠨ ᠠᠮᠤᠷ | ᠲᠦᠪᠰᠢᠨ ᠢ ᠬᠢᠨᠠᠨ ᠪᠠᠶᠢᠴᠠᠭᠠᠬᠤ ᠠᠵᠢᠯ ᠢ ᠴᠢᠨᠠᠷᠯᠢᠭ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠲᠤᠰ ᠲᠤᠪᠴᠢᠶ᠎ᠠ ᠨᠢ ︽ ᠨᠡᠶᠢᠲᠡᠯᠢᠭ ᠵᠢᠱᠢᠶ᠎ᠡ ᠪᠠᠷ ᠳᠠᠭᠠᠭᠤᠯᠬᠤ᠂ ᠦᠯᠢᠭᠡᠷ | ᠵᠢᠱᠢᠶ᠎ᠡ ᠪᠠᠷ ᠳᠠᠶᠢᠴᠢᠯᠠᠬᠤ︾ ᠦᠢᠯᠡᠳᠤᠯ ᠢ ᠲᠤᠪᠤᠶᠢᠯᠭᠠᠵᠦ᠂ ᠭᠡᠷ ᠪᠠᠶᠢᠰᠢᠩ ᠤᠨ ᠠᠮᠤᠷ ᠳᠦᠪᠰᠢᠨ ᠤ ᠪᠠᠲᠤᠯᠠᠭ᠎ᠠ | ᠶᠢᠨ ᠲᠤᠷᠰᠢᠯᠭ᠎ᠠ ᠪᠤᠯᠤᠨ ᠰᠢᠨ᠎ᠡ ᠶᠢ ᠡᠭᠦᠳᠬᠦ ᠠᠷᠭ᠎ᠠ ᠪᠠᠷᠢᠯ ᠢ ᠰᠤᠷᠤᠯᠴᠠᠨ ᠰᠤᠯᠢᠯᠴᠠᠵᠦ᠂ ᠳᠡᠯᠭᠡᠷᠡᠭᠦᠯᠦᠨ | ᠬᠡᠷᠡᠭᠯᠡᠵᠦ᠂ ᠶᠠᠳᠠᠭᠤ ᠶᠢ ᠲᠡᠳᠭᠦᠬᠦ ᠬᠠᠲᠠᠭᠤ ᠲᠠᠶᠢᠯᠠᠯᠳᠤᠭᠠᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠭᠰᠡᠨ | ᠪᠠᠶᠢᠨ᠎ᠠ᠃ ︵ ᠰᠤᠷᠪᠤᠯᠵᠢᠯᠠᠭᠴᠢ ᠮᠢᠶᠤᠤ ᠰᠢᠨ︶ | | | http://mongol.people.com.cn/15830792.html |