ᠸᠠᠩ ᠯᠢ ᠰᠢᠶᠠ ᠡᠷᠬᠢᠯᠡᠪᠡ | ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ | ᠰᠢᠶᠠ ᠪᠦᠬᠦ ᠬᠤᠲᠠ ᠶᠢᠨ ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ | ᠳᠤᠭᠤᠶᠢᠯᠠᠩ ᠤᠨ 2020 ᠣᠨ ᠤ 3 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ | ᠫᠢᠩ ᠤᠨ ᠤᠰᠤ ᠶᠢ ᠰᠢᠰᠲ᠋ᠧᠮ ᠲᠠᠢ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠥᠪᠡᠷᠲᠡᠭᠡᠨ | ᠵᠠᠰᠠᠬᠤ ᠣᠷᠣᠨ ᠤ ᠦᠨᠡᠯᠡᠨ ᠰᠢᠯᠭᠠᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ | ᠰᠤᠳᠤᠯᠤᠨ ᠪᠠᠶᠢᠷᠢᠯᠠᠭᠤᠯᠵᠤ᠂ ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ | ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠪᠣᠯᠣᠨ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠠᠭᠤᠳᠠᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠪᠢᠳᠠᠨ ᠤ ᠠᠮᠢ ᠠᠬᠤᠢ ᠶᠢᠨ ᠣᠷᠴᠢᠨ ᠲᠣᠭᠤᠷᠢᠨ ᠢ | ᠰᠢᠰᠲ᠋ᠧᠮ ᠲᠠᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠵᠢᠷᠤᠮᠵᠢᠯ ᠬᠠᠩᠭᠠᠵᠠᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠬᠢᠨ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠪᠣᠷ ᠰᠤᠷᠲᠠᠯ ᠢᠶᠠᠨ ᠲᠥᠪ ᠪᠣᠯᠭᠠᠨ᠂ | ᠪᠦᠬᠦ ᠰᠡᠳᠬᠢᠯ ᠪᠦᠬᠦ ᠵᠣᠷᠢᠭ ᠪᠦᠬᠦ ᠬᠦᠴᠦᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠦᠬᠦᠷᠦᠮ ᠤᠨ | ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠬᠢᠭᠡᠳ ᠨᠡᠭᠡᠭᠡᠨ ᠬᠥᠭᠵᠢᠭᠦᠯᠬᠦ ᠶᠢᠨ ᠬᠠᠷᠢᠴᠠᠭ᠎ᠠ ᠶᠢ | ᠰᠠᠶᠢᠬᠠᠨ ᠰᠢᠢᠳᠪᠦᠷᠢᠯᠡᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠡᠷᠴᠢᠮ ᠲᠠᠢ ᠬᠡᠷᠡᠭᠵᠢᠭᠦᠯᠵᠦ᠂ | ᠤᠰᠤᠨ ᠤ ᠠᠮᠢ ᠠᠬᠤᠢ ᠶᠢ ᠪᠦᠬᠦ ᠲᠠᠯ᠎ᠠ ᠪᠠᠷ ᠵᠠᠰᠠᠨ ᠰᠡᠷᠭᠦᠭᠡᠵᠦ᠂ ᠤᠰᠤ ᠶᠢ ᠰᠡᠳᠬᠢᠯ ᠲᠠᠯᠪᠢᠨ ᠰᠠᠶᠢᠲᠤᠷ ᠵᠠᠰᠠᠨ | ᠰᠠᠶᠢᠲᠤᠷ ᠬᠠᠮᠢᠶᠠᠷᠬᠤ ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ | ᠰᠠᠶᠢᠲᠤᠷ ᠨᠠᠶᠢᠳᠠᠪᠤᠷᠢᠵᠢᠭᠤᠯᠬᠤ ᠪᠠᠷ ︽ᠬᠤᠶᠠᠷ ᠢ ᠬᠦᠷᠢᠶᠡᠯᠡᠬᠦ︾ ᠶᠢᠨ ᠪᠣᠳᠠᠲᠠᠢ ᠢᠯᠡᠷᠡᠯ ᠪᠣᠯᠭᠠᠵᠤ᠂ ᠠᠮᠢ ᠠᠬᠤᠢ ᠶᠢ | ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ᠂ ︽ᠬᠤᠶᠠᠷ ᠬᠠᠯᠬᠠᠪᠴᠢ︾ ᠶᠢ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ | ᠪᠣᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯᠲᠡ ᠶᠢ ᠦᠢᠯᠡᠳᠦᠯᠭᠡᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠨ᠂ ᠦᠨᠡᠨᠬᠦ ᠦᠵᠡᠯᠲᠡ ᠲᠠᠨᠢᠯᠲᠠ ᠪᠠᠨ ᠤᠯᠠᠮ | ᠳᠡᠭᠡᠭᠰᠢᠯᠡᠭᠦᠯᠵᠦ᠂ ᠣᠪᠣᠷ ᠰᠤᠷᠲᠠᠯ ᠢᠶᠠᠨ ᠤᠯᠠᠮ ᠲᠥᠪ ᠪᠣᠯᠭᠠᠵᠤ᠂ ᠠᠵᠢᠯ ᠢᠶᠠᠨ ᠤᠯᠠᠮ ᠲᠦᠷᠭᠡᠳᠬᠡᠵᠦ᠂ ᠠᠷᠭ᠎ᠠ | ᠬᠡᠮᠵᠢᠶ᠎ᠡ ᠳᠡᠭᠡᠨ ᠤᠯᠠᠮ ᠬᠦᠴᠦᠯᠡᠨ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠳᠣᠪᠣᠶᠢᠯᠭᠠᠵᠤ | ᠂ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ | ᠨᠠᠷ ᠨᠢᠭᠡᠳᠦᠭᠡᠷ ᠬᠠᠷᠢᠭᠤᠴᠠᠯᠭᠠᠲᠠᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠭᠤᠣᠯ ᠮᠥᠷᠡᠨ | ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠠᠯᠪᠠᠨ ᠭᠡᠷ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ | ᠰᠢᠮᠳᠠᠭᠤᠯᠤᠨ ᠭᠦᠢᠴᠡᠳᠬᠡᠬᠦ ᠵᠡᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ | ᠭᠤᠣᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ | ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠡᠭᠦᠷᠭᠡᠯᠡᠵᠤ᠂ ᠡᠯ᠎ᠡ | ᠱᠠᠲᠤᠨ ᠤ ᠤᠬᠠᠭᠤᠯᠬᠤ ᠰᠠᠯᠠᠭ᠎ᠠ ᠮᠥᠴᠢᠷ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠬᠦ | ᠠᠵᠢᠯ ᠢ ᠰᠠᠶᠢᠲᠤᠷ ᠬᠢᠵᠦ᠂ ᠭᠤᠣᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠨᠡᠶᠢᠯᠡᠯ | ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠢ᠃ ᠣᠷᠢᠳᠴᠢᠯᠠᠨ ᠪᠡᠯᠡᠳᠬᠡᠯ ᠬᠢᠵᠦ᠂ ᠬᠠᠲᠤᠨ ᠭᠤᠣᠯ ᠤᠨ ᠰᠦᠩ | ᠬᠠᠯᠢᠶ᠎ᠠ ᠶᠢ ᠰᠡᠷᠭᠡᠶᠢᠯᠡᠬᠦ ᠵᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠮᠠᠨ ᠤ ᠬᠤᠲᠠ ᠶᠢᠨ ᠰᠦᠩ ᠬᠠᠯᠢᠶ᠎ᠠ ᠶᠢ | ᠰᠡᠷᠭᠡᠶᠢᠯᠡᠬᠦ ᠵᠢᠯ ᠤᠨ ᠠᠵᠢᠯ ᠲᠤᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠶᠦᠨ ᠬᠠᠢ᠂ ᠦ᠋ ᠸᠧᠨ ᠮᠢᠩ᠂ ᠪᠢ ᠭᠥᠸᠧ ᠴᠧᠨ᠂ ᠶᠦᠨ ᠰᠢᠨ ᠮᠢᠩ᠂ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠯᠢ ᠰᠢᠶᠥᠥ ᠳ᠋ᠦᠩ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠭᠤᠣᠯ ᠬᠠᠷᠢᠭᠤᠴᠠᠬᠤ ᠨᠥᠬᠦᠳ ᠬᠤᠷᠠᠯ ᠳᠤ ᠣᠷᠣᠯᠴᠠᠵᠠᠢ᠃ |