ᠬᠦᠬᠡᠬᠤᠲᠡ ᠶᠢᠨ ᠡᠮᠨᠡᠯᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ ᠪᠦᠬᠦ ᠲᠠᠯ᠎ᠠ ᠪᠠᠷ ᠬᠡᠷᠡᠭᠵᠢᠭᠦᠯᠦᠭᠳᠡᠪᠡ
ᠨᠡᠶᠢᠲᠡᠯᠡᠭᠰᠡᠨ ᠴᠠᠭ᠄
2020/11/25
      ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠷᠪᠤᠯᠵᠢᠯᠠᠭᠴᠢ  ᠯᠢᠶᠠᠩ ᠵᠢᠩ ᠮᠸᠢ︶  ︽ ᠤᠯᠠᠨ ᠲᠦᠮᠡᠨ ᠶᠠᠪᠤᠳᠠᠯ ᠪᠦᠳᠦᠭᠡᠬᠦ ᠳᠡᠭᠡᠨ ᠪᠤᠰᠤᠳ ᠢ ᠭᠤᠶᠤᠬᠤ ᠦᠭᠡᠢ᠂ ᠬᠠᠮᠤᠭ ᠤᠯᠠᠨ ᠳᠠᠭᠠᠨ ᠨᠢᠭᠡ ᠤᠳᠠᠭ᠎ᠠ ᠬᠦᠶᠦᠬᠦ︾ ᠬᠠᠷᠠᠯᠲᠠ ᠶᠢ ᠪᠡᠶᠡᠯᠡᠭᠦᠯᠵᠦ᠂ ᠪᠦᠬᠦ ᠬᠤᠲᠠ ᠶᠢᠨ ᠨᠢᠭᠡᠳᠤᠯᠲᠡᠢ ᠵᠢᠷᠤᠮᠵᠢᠭᠰᠠᠨ ᠡᠮᠨᠡᠯᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ  ︵ ᠲᠤᠷᠤᠭᠰᠢ ᠨᠠᠷᠢᠨ ᠳᠠᠩᠰᠠ ᠶᠢᠨ ᠲᠦᠷᠢᠮ ᠭᠡᠵᠦ ᠲᠦᠭᠦᠮᠴᠢᠯᠡᠨ᠎ᠡ︶ ᠢ ᠪᠠᠶᠢᠭᠤᠯᠬᠤ ᠶᠢᠨ  ᠲᠤᠰᠠᠲᠠ ᠬᠦᠬᠡᠬᠤᠲᠡ ᠶᠢᠨ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ ᠤᠶᠢᠷ᠎ᠠ ᠳᠤ ︽ ᠪᠦᠬᠦ ᠬᠤᠲᠠ ᠶᠢᠨ ᠡᠮᠨᠡᠯᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ  ︾ ︵ ᠲᠤᠷᠰᠢᠨ ᠬᠡᠷᠡᠭᠵᠢᠭᠦᠯᠬᠦ︶ ︵ ᠲᠤᠷᠤᠭᠰᠢ ︽ ᠪᠦᠬᠦ ᠬᠤᠲᠠ ᠶᠢᠨ ᠨᠠᠷᠢᠨ ᠳᠠᠩᠰᠠ︾ ᠭᠡᠵᠦ ᠲᠦᠭᠦᠮᠴᠢᠯᠡᠨ᠎ᠡ︶ ᠢ ᠰᠤᠳᠤᠯᠤᠨ ᠲᠤᠭᠲᠠᠭᠠᠪᠠ᠃ ᠤᠶᠢᠯᠠᠭᠠᠭᠰᠠᠨ ᠢᠶᠠᠷ᠂ ᠪᠦᠬᠦ ᠬᠤᠲᠠ ᠶᠢᠨ ᠡᠯ᠎ᠠ ᠱᠠᠳᠤᠨ ᠤ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠦᠴᠢᠷ ︽ ᠪᠦᠬᠦ ᠬᠤᠲᠠ ᠶᠢᠨ ᠨᠠᠷᠢᠨ ᠳᠠᠩᠰᠠ︾ ᠶᠢᠨ ᠠᠭᠤᠯᠭ᠎ᠠ ᠪᠤᠯᠤᠨ ᠬᠡᠯᠪᠡᠷᠢ ᠱᠠᠭᠠᠷᠳᠠᠯᠭ᠎ᠠ   ᠶᠢ ᠦᠨᠳᠦᠰᠦᠯᠡᠨ ︽ ᠵᠢᠷᠭᠤᠭᠠᠨ ᠨᠢᠭᠡᠳᠦᠯᠲᠡᠢ︾ ︵ ᠳᠠᠷᠤᠢ  ᠤᠴᠢᠷ ᠶᠠᠪᠤᠳᠠᠯ ᠤᠨ ᠨᠡᠷᠡᠰ ᠨᠢᠭᠡᠳᠤᠯᠲᠡᠢ᠂  ᠤᠴᠢᠷ ᠶᠠᠪᠤᠳᠠᠯ ᠤᠨ  ᠨᠤᠮᠧᠷ ᠨᠢᠭᠡᠳᠤᠯᠲᠡᠢ᠂  ᠭᠦᠢᠴᠡᠳᠭᠡᠬᠦ ᠮᠠᠲ᠋ᠧᠷᠢᠶᠠᠯ ᠨᠢᠭᠡᠳᠤᠯᠲᠡᠢ᠂  ᠭᠦᠢᠴᠡᠳᠭᠡᠬᠦ ᠴᠠᠭ ᠤᠨ ᠬᠢᠵᠠᠭᠠᠷ ᠨᠢᠭᠡᠳᠤᠯᠲᠡᠢ᠂ ᠭᠦᠢᠴᠡᠳᠭᠡᠬᠦ   ᠭᠤᠭᠴᠤᠭ᠎ᠠ ᠨᠢᠭᠡᠳᠤᠯᠲᠡᠢ᠂  ᠦᠢᠯᠡᠴᠢᠯᠡᠬᠦ ᠪᠠᠷᠢᠮᠵᠢᠶ᠎ᠠ ᠨᠢᠭᠡᠳᠦᠯᠲᠡᠢ︶  ᠪᠠ ︽ ᠳᠦᠷᠪᠡᠨ ᠬᠠᠮᠤᠭ︾ ︵ ᠳᠠᠷᠤᠢ ᠦᠢᠯᠡᠴᠢᠯᠡᠬᠦ ᠦᠷ᠎ᠡ ᠪᠦᠳᠦᠮᠵᠢ ᠬᠠᠮᠤᠭ ᠰᠠᠶᠢᠨ᠂ ᠬᠡᠷᠡᠭᠰᠡᠬᠦ ᠮᠠᠲ᠋ᠧᠷᠢᠶᠠᠯ ᠬᠠᠮᠤᠭ  ᠴᠦᠭᠡᠨ᠂  ᠭᠦᠢᠴᠡᠳᠭᠡᠬᠦ ᠴᠠᠭ ᠬᠠᠮᠤᠭ ᠤᠬᠤᠷ᠂ ᠬᠡᠷᠡᠭ ᠡᠷᠬᠢᠯᠡᠬᠦ ᠶᠠᠪᠤᠴᠠ ᠬᠠᠮᠤᠭ ᠲᠦᠬᠦᠮ︶ ᠱᠠᠭᠠᠷᠳᠠᠯᠭ᠎ᠠ ᠶᠤᠰᠤᠭᠠᠷ  ᠨᠠᠷᠢᠨ ᠳᠠᠩᠰᠠ ᠶᠢᠨ ᠲᠦᠷᠢᠮ ᠢ ᠡᠨᠡ ᠡᠳᠤᠷ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠠᠢ᠃ ︽ ᠪᠦᠬᠦ ᠬᠤᠲᠠ ᠶᠢᠨ ᠨᠠᠷᠢᠨ ᠳᠠᠩᠰᠠ︾   ᠶᠢ『 ᠬᠦᠬᠡᠬᠤᠲᠡ ᠶᠢᠨ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ』 ᠶᠢᠨ ᠸᠢᠴᠠᠲ ᠤᠯᠠᠨ ᠨᠡᠶᠢᠲᠡ ᠶᠢᠨ ᠳᠠᠪᠴᠠᠩ ᠢᠶᠠᠷ ᠳᠠᠮᠵᠢᠨ ᠯᠠᠪᠯᠠᠵᠦ ᠪᠤᠯᠤᠨ᠎ᠠ᠃ ︽ ᠪᠦᠬᠦ ᠬᠤᠲᠠ ᠶᠢᠨ ᠨᠠᠷᠢᠨ ᠳᠠᠩᠰᠠ︾ ᠳᠤ ᠲᠤᠲᠤᠷᠬᠠᠶᠢᠯᠠᠭᠰᠠᠨ ᠨᠢ᠂ ᠤᠳᠤᠬᠠᠨ ᠤ ᠡᠮᠨᠡᠯᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ   ᠤ ᠬᠦᠷᠢᠶᠡᠨ ᠳᠤ ᠤᠷᠤᠰᠢᠵᠦ ᠪᠠᠶᠢᠭ᠎ᠠ  ᠠᠵᠢᠯ ᠶᠠᠪᠤᠳᠠᠯ ᠡᠷᠬᠢᠯᠡᠬᠦ ᠶᠠᠪᠤᠴᠠ ᠶᠠᠷᠰᠢᠭ ᠲᠠᠢ᠂  ᠭᠠᠷ ᠭᠦᠢᠴᠡᠳᠭᠡᠯ ᠤᠨ ᠬᠡᠷᠡᠭᠰᠡᠬᠦ ᠴᠠᠭ ᠤᠷᠳᠤ ᠵᠡᠷᠭᠡ ᠠᠰᠠᠭᠤᠳᠠᠯ ᠳᠤ ᠴᠢᠭᠯᠡᠭᠦᠯᠦᠨ᠂ ︽ ᠪᠦᠬᠦ ᠬᠤᠲᠠ ᠶᠢᠨ ᠨᠠᠷᠢᠨ ᠳᠠᠩᠰᠠ︾ ᠲᠠᠢ ᠬᠠᠷᠭᠤᠭᠤᠯᠤᠨ᠂  ᠨᠢᠮᠪᠠᠢ ᠬᠢᠨᠠᠮᠠᠭᠠᠢ ᠪᠠᠶᠢᠴᠠᠭᠠᠨ ᠤᠶᠢᠯᠠᠭᠠᠵᠦ᠂ ᠳᠠᠷᠤᠢ ᠳᠤᠨᠢ ᠵᠠᠰᠠᠨ ᠵᠠᠯᠠᠷᠠᠭᠤᠯᠵᠦ᠂ ᠦᠢᠯᠡᠴᠢᠯᠡᠬᠦ ᠴᠢᠨᠠᠷ ᠴᠢᠨᠰᠠᠭ᠎ᠠ ᠪᠤᠯᠤᠨ ᠬᠢᠷᠢ ᠳᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠭᠲᠡᠢ᠃ ᠡᠭᠦᠨ  ᠤ ᠬᠠᠮᠳᠤ᠂ ᠴᠢᠬᠤᠯᠠ ᠪᠤᠰᠤ  ᠭᠤᠭᠴᠤᠭ᠎ᠠ ᠪᠤᠯᠤᠨ ᠭᠠᠷ ᠭᠦᠢᠴᠡᠳᠭᠡᠯ ᠢ ᠡᠷᠡᠰ ᠦᠭᠡᠶᠢᠰᠭᠡᠵᠦ᠂ ︽ ᠪᠤᠰᠤᠳ ᠮᠠᠲ᠋ᠧᠷᠢᠶᠠᠯ︾ ︽ ᠬᠤᠯᠪᠤᠭᠳᠠᠯ ᠪᠦᠬᠦᠢ ᠮᠠᠲ᠋ᠧᠷᠢᠶᠠᠯ︾ ᠵᠡᠷᠭᠡ ᠪᠠᠯᠠᠷᠬᠠᠢ  ᠵᠥᠢᠯ ᠵᠤᠷᠪᠤᠰ ᠭᠠᠷᠭᠠᠬᠤ ᠦᠭᠡᠢ ᠪᠠᠶᠢᠵᠦ᠂ ᠡᠮᠨᠡᠯᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠳᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃ http://mongol.people.com.cn/15830790.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ