ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠰᠦᠩ ᠰᠢᠶᠠᠩ ᠳ᠋ᠦᠩ ᠴᠢᠮᠡᠭᠡᠯᠡᠭᠴᠢ ᠶᠠᠨ ᠸᠧᠨ ᠸᠧᠨ︶ ᠬᠤᠳᠠᠯᠳᠤᠭ᠎ᠠ | ᠡᠷᠬᠢᠯᠡᠬᠦ ᠤᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠳᠤᠬᠢᠴᠢᠯᠠᠭᠰᠠᠨ ᠠᠵᠦ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠵᠦ᠂ ᠴᠢᠨᠠᠷ | ᠰᠠᠶᠢᠲᠠᠢ ᠬᠦᠭᠵᠢᠯᠲᠡ ᠶᠢ ᠠᠬᠢᠭᠤᠯᠬᠤ ᠶᠢᠨ ᠲᠤᠰᠠᠲᠠ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ︽ᠳᠦᠷᠪᠡᠨ ᠵᠥᠢᠯ ᠤᠨ ᠤᠷᠴᠢᠨ ᠲᠤᠭᠤᠷᠢᠨ︾ ᠢ | ᠲᠠᠰᠤᠷᠠᠯᠲᠠ ᠡᠭᠦᠳᠴᠤ᠂ ᠬᠤᠲᠠ ᠶᠢᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠦᠨᠡᠨᠬᠦ ᠰᠢᠯᠢᠳᠡᠭᠵᠢᠭᠦᠯᠵᠦ ᠪᠠᠶᠢᠨ᠎ᠠ᠃ | —— ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠵᠦ᠂ ᠵᠠᠰᠠᠭ ᠤᠨ ᠶᠠᠪᠤᠳᠠᠯ ᠤᠨ ᠬᠤᠳᠠᠯᠳᠤᠭ᠎ᠠ | ᠡᠷᠬᠢᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠠᠭᠠᠪᠠ᠃ ᠨᠢᠭᠡ ᠳᠤ ︽ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠪᠤᠢ | ᠪᠤᠯᠭᠠᠵᠦ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠬᠦᠭᠵᠢᠯᠲᠡ ᠶᠢ ᠬᠠᠮᠠᠭᠠᠯᠠᠬᠤ ᠲᠤᠬᠠᠢ ᠦᠪᠡᠷᠲᠡᠭᠡᠨ ᠵᠠᠰᠠᠬᠤ ᠤᠷᠤᠨ ᠤ ᠲᠤᠰᠬᠠᠢ | ᠪᠠᠶᠢᠴᠠᠭᠠᠯᠲᠠ ᠶᠢᠨ ᠬᠠᠷᠢᠭᠤ ᠲᠤᠰᠬᠠᠯ ᠢ ᠨᠠᠶᠢᠳᠠᠪᠤᠷᠢᠵᠢᠭᠤᠯᠵᠦ᠂ ᠬᠦᠬᠡᠬᠤᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠦᠰᠦᠯ ᠤᠨ ᠡᠭᠦᠷᠭᠡ | ᠶᠢ ᠬᠤᠪᠢᠶᠠᠷᠢᠯᠠᠬᠤ ᠲᠤᠬᠠᠢ ᠬᠦᠬᠡᠬᠤᠲᠡ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠦᠰᠦᠯ︾ ᠢ ᠲᠤᠭᠲᠠᠭᠠᠵᠦ᠂ ᠡᠳ᠋ ᠤᠨ ᠵᠠᠰᠠᠭ ᠤᠨ ᠲᠤᠪᠴᠢᠶ᠎ᠠ ᠳᠤ | ᠬᠤᠯᠪᠤᠭᠳᠠᠬᠤ ᠴᠡᠭᠴᠡᠯᠡᠨ ᠵᠠᠰᠠᠬᠤ ᠡᠭᠦᠷᠭᠡ ᠶᠢ ᠨᠢᠭᠡᠳ ᠨᠢᠭᠡ ᠪᠠᠷ ᠬᠠᠷᠭᠤᠭᠤᠯᠤᠨ ᠴᠡᠭᠴᠡᠯᠡᠨ ᠰᠠᠶᠢᠵᠢᠷᠠᠭᠤᠯᠵᠦ᠂ ᠰᠠᠯᠠᠭ᠎ᠠ ᠲᠠᠰᠤᠭ ᠤᠨ ᠡᠭᠦᠷᠭᠡ᠂ | ᠪᠡᠶᠡᠯᠡᠭᠦᠯᠬᠦ ᠴᠠᠭ ᠬᠤᠭᠤᠴᠠᠭ᠎ᠠ᠂ ᠬᠠᠷᠢᠭᠤᠴᠠᠭᠴᠢ᠂ ᠠᠵᠢᠯ ᠤᠨ ᠳᠠᠩᠰᠠ ᠶᠢ ᠲᠤᠲᠤᠷᠬᠠᠶᠢᠯᠠᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠠᠭᠠᠨ | ᠪᠡᠶᠡᠯᠡᠬᠦᠯᠬᠦ ᠶᠢ ᠦᠨᠡᠨᠬᠦ ᠪᠠᠲᠤᠯᠠᠪᠠ᠃ ᠬᠤᠶᠠᠷ ᠲᠤ ︽ᠬᠦᠬᠡᠬᠤᠲᠡ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠠᠷᠠᠳ ᠠᠴᠠ ᠡᠵᠡᠩᠨᠡᠭᠰᠡᠨ ᠠᠵᠦ ᠠᠬᠤᠢ | ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠦ᠂ ᠡᠯ᠎ᠡ ᠲᠦᠷᠦᠯ ᠤᠨ ᠠᠵᠢᠯ ᠢ ᠬᠠᠷᠢᠭᠤᠴᠠᠬᠤ | ᠰᠠᠯᠠᠭ᠎ᠠ ᠲᠠᠰᠤᠭ ᠪᠤᠯᠤᠨ ᠬᠠᠷᠢᠭᠤᠴᠠᠯᠭᠠᠲᠠᠨ ᠢ ᠲᠤᠲᠤᠷᠬᠠᠶᠢᠯᠠᠵᠦ᠂ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠵᠦ ᠦᠷ᠎ᠡ ᠪᠦᠳᠦᠮᠵᠢ ᠤᠯᠬᠤ ᠶᠢ ᠦᠨᠡᠨᠬᠦ | ᠪᠡᠲᠤᠯᠠᠪᠠ᠃ | —— ᠬᠤᠶᠠᠷ ᠨᠠᠷᠢᠨ ᠳᠠᠩᠰᠠ ᠶᠢ ᠰᠠᠶᠢᠳᠤᠷ ᠬᠠᠮᠢᠶᠠᠷᠴᠤ᠂ ᠬᠠᠤᠯᠢ ᠴᠠᠭᠠᠵᠠ ᠶᠢᠨ ᠰᠡᠳᠬᠢᠬᠦᠢ ᠪᠠᠨ ᠳᠡᠭᠡᠭᠰᠢᠯᠡᠭᠦᠯᠵᠦ᠂ ᠬᠠᠤᠯᠢᠵᠢᠭᠰᠠᠨ | ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠪᠠ᠃ ᠨᠢᠭᠡ ᠳᠤ ᠵᠠᠰᠠᠭ ᠵᠠᠬᠢᠷᠭ᠎ᠠ ᠠᠵᠦ ᠦᠢᠯᠡᠰ ᠤᠨ ᠴᠢᠨᠠᠷᠲᠠᠢ ᠲᠠᠲᠠᠪᠤᠷᠢ | ᠪᠤᠯᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠨᠠᠷᠢᠨ ᠳᠠᠩᠰᠠ ᠶᠢ ᠪᠠᠶᠢᠭᠤᠯᠤᠨ ᠨᠡᠶᠢᠲᠡᠯᠡᠪᠡ᠃ ᠵᠠᠰᠠᠭ ᠵᠠᠬᠢᠷᠭ᠎ᠠ ᠠᠵᠦ ᠦᠢᠯᠡᠰ ᠤᠨ | ᠴᠢᠨᠠᠷᠲᠠᠢ ᠲᠠᠲᠠᠪᠤᠷᠢ ᠪᠤᠯᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠨᠠᠷᠢᠨ ᠳᠠᠩᠰᠠ ᠲᠦᠷᠦᠯ ᠵᠥᠢᠯ ᠢ ᠨᠡᠶᠢᠭᠡᠮ ᠨᠡᠶᠢᠲᠡ ᠳᠤ ᠵᠠᠷᠯᠠᠭᠰᠠᠨ | ᠪᠦᠭᠡᠳ ᠬᠤᠲᠠ ᠶᠢᠨ ᠵᠠᠰᠠᠭ ᠤᠨ ᠤᠷᠳᠤᠨ ᠤ ᠠᠯᠪᠠᠨ ᠰᠦᠯᠵᠢᠶᠡᠨ ᠦᠷᠲᠡᠭᠡ ᠪᠠᠷ ᠳᠠᠮᠵᠢᠨ ᠨᠡᠶᠢᠭᠡᠮ ᠨᠡᠶᠢᠲᠡ ᠳᠤ ᠮᠡᠳᠡᠭᠳᠡᠵᠡᠢ᠃ ᠬᠤᠶᠠᠷ ᠲᠤ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠬᠡᠷᠡᠭᠵᠢᠭᠦᠯᠪᠡ᠃ ᠤᠤᠯ ᠤᠨ109 ᠵᠥᠢᠯ ᠤᠨ ᠵᠠᠰᠠᠭ ᠤᠨ ᠡᠷᠬᠡ ᠶᠢ 21 ᠵᠥᠢᠯ ᠪᠤᠯᠲᠠᠯ᠎ᠠ ᠬᠠᠰᠤᠵᠦ᠂ ᠨᠠᠷᠢᠨ | ᠳᠠᠩᠰᠠ ᠶᠢ ᠲᠤᠲᠤᠷᠬᠠᠶᠢᠯᠠᠵᠦ ᠡᠷᠬᠡ ᠶᠢ ᠬᠠᠰᠤᠪᠠ᠃ ᠵᠠᠰᠠᠭ ᠵᠠᠬᠢᠷᠭᠠᠨ ᠤ ᠡᠷᠬᠡ ᠶᠢ ᠲᠤᠬᠢᠷᠠᠭᠤᠯᠵᠦ ᠰᠢᠯᠢᠳᠡᠭᠵᠢᠭᠦᠯᠦᠭᠰᠡᠨ ᠰᠠᠭᠤᠷᠢᠨ ᠳᠡᠭᠡᠷ᠎ᠡ᠂ ᠵᠠᠰᠠᠭ | ᠤᠨ ᠤᠷᠳᠤᠨ ᠤ ᠠᠯᠪᠠᠨ ᠰᠦᠯᠵᠢᠶᠡᠨ ᠳᠤ ᠲᠤᠰᠬᠠᠢ ᠪᠤᠯᠤᠩ ᠨᠡᠭᠡᠭᠡᠵᠦ᠂ ᠡᠳ᠋ ᠤᠨ ᠵᠠᠰᠠᠭ ᠤᠨ ᠡᠷᠬᠡ ᠶᠢ ᠤᠯᠠᠨ ᠲᠦᠮᠡᠨ ᠳᠤ ᠦᠨᠡᠨᠬᠦ ᠮᠡᠳᠡᠭᠦᠯᠬᠦ ᠪᠤᠯᠪᠠ᠃ | —— ᠭᠠᠶᠢᠯᠢ ᠪᠠ ᠲᠠᠲᠠᠪᠤᠷᠢ ᠶᠢ ᠶᠡᠷᠤᠩᠬᠡᠶᠢᠯᠡᠨ ᠵᠠᠰᠠᠬᠤ ᠬᠠᠮᠢᠶᠠᠷᠤᠯᠲᠠ ᠶᠢ ᠴᠢᠩᠭᠠᠳᠬᠠᠵᠦ᠂ ᠵᠠᠬ᠎ᠠ ᠳᠡᠯᠭᠡᠭᠦᠷ ᠤᠨ ᠬᠤᠳᠠᠯᠳᠤᠭᠠᠨ ᠤ ᠭᠤᠤᠯᠴᠢ | ᠡᠵᠡᠩᠨᠡᠯᠲᠡ ᠶᠢᠨ ᠤᠷᠴᠢᠨ ᠲᠤᠭᠤᠷᠢᠨ ᠢ ᠡᠭᠦᠳᠪᠡ᠃ ᠨᠢᠭᠡ ᠳᠤ ᠭᠠᠶᠢᠯᠢ ᠶᠢ ᠶᠡᠷᠤᠩᠬᠡᠶᠢᠯᠡᠨ ᠴᠢᠩᠭ᠎ᠠ ᠵᠠᠰᠠᠵᠦ᠂ ᠭᠠᠶᠢᠯᠢ ᠶᠢᠨ ᠭᠤᠤᠯᠴᠢ ᠵᠠᠷᠴᠢᠮ ᠢ | ᠨᠠᠶᠢᠳᠠᠪᠤᠷᠢᠵᠢᠭᠤᠯᠪᠠ᠃ ᠬᠤᠶᠠᠷ ᠲᠤ ᠲᠤᠰᠬᠠᠢ ᠬᠢᠨᠠᠯᠲᠠ ᠪᠠᠶᠢᠴᠠᠭᠠᠯᠲᠠ ᠦᠷᠨᠢᠭᠦᠯᠵᠦ᠂ ᠭᠠᠶᠢᠯᠢ ᠬᠤᠷᠢᠶᠠᠬᠤ ᠨᠢᠭᠡᠴᠡ ᠶᠢᠨ ᠬᠠᠤᠯᠢ ᠬᠡᠷᠡᠭᠵᠢᠭᠦᠯᠦᠯᠲᠡ ᠶᠢ | ᠬᠢᠨᠠᠵᠦ ᠠᠬᠢᠭᠤᠯᠪᠠ᠃ ᠡᠨᠡ ᠵᠢᠯ ᠡᠳ᠋ ᠤᠨ ᠵᠠᠰᠠᠭ ᠤᠨ ᠲᠤᠪᠴᠢᠶ᠎ᠠ ︽ᠮᠡᠳᠡᠭᠳᠡᠯ︾ ᠨᠡᠶᠢᠲᠡᠯᠡᠵᠦ᠂ ᠪᠦᠬᠦ ᠬᠤᠲᠠ ᠶᠢᠨ ᠬᠡᠪᠴᠢᠶᠡᠨ ᠳᠤ 2019 ᠤᠨ ᠤ | ᠪᠦᠬᠦ ᠵᠢᠯ ᠪᠤᠯᠤᠨ 2020 ᠤᠨ ᠤ 1 ᠠᠴᠠ 5 ᠰᠠᠷ᠎ᠠ ᠳᠠᠬᠢ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠲᠠᠲᠠᠪᠤᠷᠢ ᠪᠠ ᠵᠠᠰᠠᠭ ᠤᠨ ᠤᠷᠳᠤᠨ ᠤ | ᠴᠢᠨᠠᠷᠲᠠᠢ ᠰᠠᠭᠤᠷᠢ ᠮᠦᠩᠭᠦᠨ ᠤ ᠲᠤᠰᠬᠠᠢ ᠲᠦᠷᠦᠯ ᠤᠨ ᠬᠢᠨᠠᠯᠲᠠ ᠪᠠᠶᠢᠴᠠᠭᠠᠯᠲᠠ ᠦᠷᠨᠢᠭᠦᠯᠵᠦ᠂ ᠦᠪᠡᠷᠲᠡᠭᠡᠨ ᠪᠠᠶᠢᠴᠠᠭᠠᠬᠤ ᠪᠠ ᠰᠤᠭᠤᠴᠠᠨ ᠪᠠᠶᠢᠴᠠᠭᠠᠬᠤ | ᠶᠢ ᠤᠶᠠᠯᠳᠤᠭᠤᠯᠵᠦ᠂ ᠲᠤᠷᠠᠪᠠᠷ ᠰᠦᠢᠳᠭᠡᠯ ᠬᠤᠷᠢᠶᠠᠬᠤ ᠵᠡᠷᠭᠡ ᠨᠡᠯᠢᠶᠡᠳ ᠤᠯᠠᠨ ᠠᠰᠠᠭᠤᠳᠠᠯ ᠢ ᠲᠤᠰᠬᠠᠢ ᠪᠠᠶᠢᠴᠠᠭᠠᠨ ᠰᠢᠢᠳᠪᠤᠷᠢᠯᠡᠭᠰᠡᠨ ᠪᠠᠶᠢᠨ᠎ᠠ᠃ | —— ᠰᠤᠷᠤᠯᠭ᠎ᠠ ᠪᠤᠯᠪᠠᠰᠤᠷᠠᠯ ᠢ ᠴᠢᠩᠭᠠᠳᠬᠠᠵᠦ᠂ ᠬᠤᠳᠠᠯᠳᠤᠭ᠎ᠠ ᠡᠷᠬᠢᠯᠡᠬᠦ ᠬᠦᠮᠤᠨ ᠨᠡᠶᠢᠭᠡᠮ ᠤᠨ ᠰᠠᠶᠢᠨ ᠰᠠᠶᠢᠬᠠᠨ ᠤᠷᠴᠢᠨ ᠢ ᠪᠤᠢ ᠪᠤᠯᠭᠠᠪᠠ᠃ | ᠨᠢᠭᠡ ᠳᠤ ︽ᠪᠢᠴᠢᠭ ᠮᠠᠲ᠋ᠧᠷᠢᠶᠠᠯ ᠤᠨ ᠡᠮᠬᠢᠳᠭᠡᠯ︾ ᠨᠠᠶᠢᠷᠠᠭᠤᠯᠤᠨ ᠭᠠᠷᠭᠠᠵᠦ᠂ ᠡᠳᠤᠷ ᠲᠤᠲᠤᠮ ᠤᠨ ᠠᠵᠢᠯ ᠤᠨ ᠵᠢᠯᠤᠭᠤᠳᠤᠮᠵᠢ ᠪᠤᠯᠭᠠᠪᠠ᠃ ︽ᠪᠢᠴᠢᠭ | ᠮᠠᠲ᠋ᠧᠷᠢᠶᠠᠯ ᠤᠨ ᠡᠮᠬᠢᠳᠭᠡᠯ︾ ᠢᠶᠠᠷ ᠳᠠᠮᠵᠢᠨ ᠳᠡᠭᠡᠷ᠎ᠡ ᠱᠠᠳᠤᠨ ᠤ ᠰᠠᠯᠠᠭ᠎ᠠ ᠮᠦᠴᠢᠷ᠂ ᠡᠯ᠎ᠡ ᠲᠦᠰᠦᠪ ᠤᠨ ᠨᠢᠭᠡᠴᠡ ᠪᠤᠯᠤᠨ ᠨᠡᠶᠢᠭᠡᠮ ᠤᠨ ᠤᠯᠠᠨ ᠲᠦᠮᠡᠨ | ᠳᠤ ᠡᠳ᠋ ᠤᠨ ᠵᠠᠰᠠᠭ ᠤᠨ ᠲᠦᠷᠦ ᠶᠢᠨ ᠪᠤᠲᠤᠯᠭ᠎ᠠ ᠬᠠᠤᠯᠢ ᠲᠦᠷᠢᠮ ᠢ ᠦᠷᠭᠡᠨ ᠢᠶᠠᠷ ᠤᠬᠠᠭᠤᠯᠵᠦ᠂ ᠠᠵᠢᠯ ᠢ ᠤᠷᠤᠭᠰᠢ ᠠᠬᠢᠭᠤᠯᠪᠠ᠃ ᠬᠤᠶᠠᠷ ᠲᠤ | ᠪᠤᠯᠪᠠᠰᠤᠷᠠᠯ ᠰᠢᠯᠭᠠᠯᠲᠠ ᠶᠢ ᠴᠢᠩᠭᠠᠳᠬᠠᠵᠦ᠂ ᠬᠦᠮᠤᠨ ᠨᠡᠶᠢᠭᠡᠮ ᠤᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃ ᠡᠨᠡ ᠵᠢᠯ ᠤᠨ 6 ᠰᠠᠷ᠎ᠠ ᠳᠤ ︽ᠤᠭ | ᠵᠤᠷᠢᠯᠲᠠ ᠪᠠᠨ ᠪᠠᠳᠤ ᠰᠠᠬᠢᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠵᠤᠷᠢᠭᠲᠠᠢ ᠭᠦᠢᠴᠡᠳᠭᠡᠵᠦ᠂ ᠨᠠᠮ ᠤᠨ ᠪᠠᠶᠢᠭᠤᠯᠤᠯᠲᠠ ᠪᠠᠷ | ᠵᠢᠯᠤᠭᠤᠳᠤᠭᠤᠯᠤᠨ ᠤᠬᠢ ᠰᠠᠶᠢᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠡᠭᠦᠳᠬᠦ︾ ᠭᠤᠤᠯ ᠰᠡᠳᠤᠪᠳᠤ ᠨᠠᠮ ᠤᠨ ᠡᠳᠤᠷ ᠤᠨ ᠠᠵᠢᠯᠯᠠᠭ᠎ᠠ ᠲᠠᠢ | ᠤᠶᠠᠯᠳᠤᠭᠤᠯᠤᠨ ︽ᠬᠦᠬᠡᠬᠤᠲᠡ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠬᠠᠤᠯᠢ | ᠲᠦᠷᠢᠮ ᠤᠨ ᠮᠡᠳᠡᠯᠭᠡ ᠪᠤᠯᠤᠨ ᠬᠡᠪ ᠰᠤᠷᠲᠠᠯ ᠢ ᠰᠠᠶᠢᠵᠢᠷᠠᠭᠤᠯᠬᠤ ᠳᠤ ᠮᠡᠳᠡᠪᠡᠰᠤ ᠴᠢᠳᠠᠪᠠᠰᠤ ᠵᠤᠬᠢᠬᠤ ᠮᠡᠳᠡᠯᠭᠡ︾ ᠶᠢᠨ ᠰᠢᠯᠭᠠᠯᠲᠠ ᠬᠢᠪᠡ᠃ | | | http://mongol.people.com.cn/15830791.html |