ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠣᠶ᠎ᠠ
ᠨᠡᠶᠢᠲᠡᠯᠡᠭᠰᠡᠨ ᠴᠠᠭ᠄
2020/11/25
     11 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠵᠢᠦᠢ ᠬᠤᠸᠠ ᠪᠠᠭ᠎ᠠ ᠰᠤᠷᠭᠠᠭᠤᠯᠢ ᠶᠢᠨ ︽ᠠᠩᠭᠢ ᠶᠢᠨ ᠲᠤᠭ ᠢᠶᠠᠨ ᠥᠨᠳᠥᠷ ᠮᠠᠨᠳᠤᠭᠤᠯᠤᠨ ᠨᠠᠮ ᠢᠶᠠᠨ ᠳᠠᠭᠠᠵᠤ ᠰᠢᠨ᠎ᠡ ᠴᠠᠭ ᠦᠶ᠎ᠡ ᠶᠢᠨ ᠰᠠᠶᠢᠨ ᠭᠡᠰᠢᠭᠦᠨ ᠪᠣᠯᠣᠶ᠎ᠠ︾ ᠰᠤᠷᠭᠠᠭᠤᠯᠢ ᠶᠢᠨ ᠲᠡᠰ ᠤᠨ ᠬᠤᠶᠠᠳᠤᠭᠠᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ᠃      ︽ᠨᠠᠮ ᠤᠨ ᠲᠤᠭ ᠭᠢᠯᠪᠠᠭ᠎ᠠ ᠲᠠᠲᠠᠨ ᠴᠢᠭᠯᠡᠯ ᠢ ᠵᠢᠭᠠᠵᠤ᠂ ᠡᠪᠯᠡᠯ ᠤᠨ ᠲᠤᠭ ᠰᠠᠯᠬᠢᠨ᠎ᠠ ᠨᠠᠮᠢᠷᠠᠨ ᠬᠦᠴᠦᠨ ᠢ ᠨᠢᠭᠲᠠᠷᠠᠭᠤᠯᠤᠨ᠎ᠠ︔ ᠠᠩᠭᠢ ᠶᠢᠨ ᠲᠤᠭ ᠤᠨ ᠳᠣᠣᠷ᠎ᠠ ᠥᠰᠦᠨ ᠪᠣᠶᠢᠵᠢᠵᠤ᠂ ᠭᠠᠯ ᠪᠠᠮᠪᠠᠷ ᠬᠦᠰᠡᠯᠡᠩ ᠢ ᠭᠡᠷᠡᠯᠲᠦᠭᠦᠯᠦᠨ᠎ᠡ ᠁︾ ᠵᠢᠦᠢ ᠬᠤᠸᠠ ᠪᠠᠭ᠎ᠠ ᠰᠤᠷᠭᠠᠭᠤᠯᠢ ᠶᠢᠨ ᠭᠡᠰᠢᠭᠦᠳ ᠤᠨ ᠬᠠᠩᠭᠢᠨᠠᠮ᠎ᠠ  ᠢᠯᠡᠳᠬᠡᠯ᠂  ᠤᠷᠮ᠎ᠠ ᠵᠣᠷᠢᠭ ᠪᠠᠳᠠᠷᠠᠭᠰᠠᠨ ᠴᠤᠭ ᠵᠤᠯᠪᠤᠭ᠎ᠠ ᠨᠢ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠶ᠃      ᠲᠤᠰ ᠤᠳᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢᠳ ᠤᠨ ᠶᠡᠭᠡ ᠬᠤᠷᠠᠯ ᠨᠢ ᠭᠡᠰᠢᠭᠦᠳ ᠤᠨ ᠡᠷᠬᠡ ᠮᠡᠳᠡᠵᠦ ᠡᠵᠡᠨ ᠰᠠᠭᠤᠬᠤ ᠵᠣᠷᠢᠭ ᠰᠠᠨᠠᠭ᠎ᠠ ᠶᠢ ᠬᠠᠷᠠᠭᠤᠯᠤᠨ᠂ ᠭᠡᠰᠢᠭᠦᠨ ᠨᠢᠭᠡᠪᠦᠷᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ᠂ ᠰᠤᠷᠭᠠᠭᠤᠯᠢ᠂ ᠪᠠᠭᠰᠢ ᠭᠡᠷ ᠤᠨ ᠠᠬᠠᠮᠠᠳ ᠬᠠᠮᠲᠤ ᠰᠤᠷᠤᠭᠴᠢ ᠪᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠡᠢ᠃ ᠰᠤᠷᠪᠤᠯᠵᠢᠯᠠᠭᠴᠢ ᠮᠢᠶᠥᠥ ᠴᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ