︵ᠰᠤᠷᠪᠤᠯᠵᠢᠯᠠᠭᠴᠢ ᠯᠢᠤᠢ ᠬᠤᠢ ᠱᠧᠩ︶ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠪᠦᠬᠦ | ᠤᠯᠤᠰ ᠤᠨ ᠲᠡᠷᠢᠭᠦᠨ ᠤ ᠠᠵᠢᠯᠲᠠᠨ ᠢ ᠰᠠᠶᠢᠰᠢᠶᠠᠨ ᠬᠦᠬᠢᠭᠦᠯᠬᠦ ᠬᠤᠷᠠᠯ 11 ᠳ᠋ᠦ᠋ᠭᠡᠷ ᠰᠠᠷ᠎ᠠ ᠶᠢᠨ 24 ᠤ ᠡᠳᠦᠷ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠥᠪᠥᠷ | ᠮᠣᠩᠭᠤᠯ ᠤᠨ 61 ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠡᠭᠡᠵᠢᠩ ᠳᠤ | ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠪᠦᠬᠦ ᠤᠯᠤᠰ ᠤᠨ ᠲᠡᠷᠢᠭᠦᠨ ᠤ ᠠᠵᠢᠯᠲᠠᠨ ᠢ ᠰᠠᠶᠢᠰᠢᠶᠠᠨ | ᠬᠦᠬᠢᠭᠦᠯᠬᠦ ᠬᠤᠷᠠᠯ ᠳᠤ ᠣᠷᠣᠯᠴᠠᠪᠠ᠃ ᠡᠭᠦᠨ ᠤ ᠳᠣᠲᠣᠷ᠎ᠠ᠂ ᠬᠥᠬᠡᠬᠤᠲᠠ ᠶᠢᠨ 6 ᠬᠥᠮᠥᠨ ᠪᠦᠬᠦ ᠤᠯᠤᠰ ᠤᠨ | ᠬᠥᠳᠡᠯᠮᠦᠷᠢ ᠶᠢᠨ ᠵᠢᠱᠢᠶᠡᠴᠢ ᠪᠠ ᠪᠦᠬᠦ ᠤᠯᠤᠰ ᠤᠨ ᠲᠡᠷᠢᠭᠦᠨ ᠤ ᠠᠵᠢᠯᠲᠠᠨ ᠤ ᠢᠷᠠᠭᠤ ᠠᠯᠳᠠᠷ ᠤᠨ ᠴᠣᠯᠠ ᠶᠢ | ᠬᠦᠷᠲᠡᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠢᠯᠢ ᠪᠣᠳᠠᠲᠤ ᠠᠵᠤ ᠠᠬᠤᠢ ᠶᠢᠨ ᠪᠦᠯᠦᠭᠯᠡᠯ ᠤᠨ | ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠰᠦᠨ ᠲᠠᠯᠬ᠎ᠠ ᠶᠢᠨ ᠠᠵᠢᠯ ᠦᠢᠯᠡᠰ ᠤᠨ ᠭᠠᠵᠠᠷ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠭᠠᠵᠠᠷ ᠤᠨ ᠶᠠᠰᠤ ᠴᠢᠨᠠᠷ ᠤᠨ ᠳᠡᠳ᠋ ᠶᠡᠷᠦᠩᠬᠡᠢ ᠬᠢᠨᠠᠭᠴᠢ᠂ ᠲᠤᠰᠠᠯᠠᠭᠴᠢ ᠢᠨᠵᠧᠨᠧᠷ᠂ ᠥᠨᠳᠥᠷ | ᠵᠡᠷᠭᠡ ᠶᠢᠨ ᠠᠵᠢᠯᠲᠠᠨ ᠮᠥᠩᠭᠦᠨᠬᠤᠸᠠᠷ᠂ ᠬᠥᠬᠡᠬᠤᠲᠠ ᠶᠢᠨ ᠲᠦᠩ ᠰᠢᠨ ᠳ᠋ᠧ ᠬᠤᠲᠠ ᠶᠢᠨ ᠶᠠᠪᠤᠳᠠᠯ ᠤᠨ | ᠪᠠᠷᠢᠯᠭ᠎ᠠ ᠶᠢᠨ ᠵᠢᠷᠤᠭ ᠲᠥᠯᠥᠪᠯᠡᠭᠡ ᠰᠤᠳᠤᠯᠭᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠢᠨᠵᠧᠨᠧᠷ᠂ ᠫᠷᠣᠹᠧᠰᠰᠣᠷ | ᠵᠡᠷᠭᠡ ᠶᠢᠨ ᠥᠨᠳᠥᠷ ᠵᠡᠷᠭᠡ ᠶᠢᠨ ᠢᠨᠵᠧᠨᠧᠷ ᠬᠠᠨ ᠵᠢᠶᠠ ᠲᠦᠩ᠂ ᠬᠥᠬᠡᠬᠤᠲᠠ ᠶᠢᠨ ᠬᠤᠲᠤᠩ ᠠᠷᠠᠳ ᠤᠨ | ᠲᠣᠭᠤᠷᠢᠭ ᠤᠨ ᠲᠦᠩ ᠳ᠋ᠤᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠨ ᠱᠦᠨ ᠳ᠋ᠢᠶᠠᠨ ᠨᠡᠶᠢᠭᠡᠮ | ᠲᠣᠭᠤᠷᠢᠭ ᠤᠨ ᠨᠠᠮ ᠤᠨ ᠡᠭᠦᠷ ᠤᠨ ᠱᠦᠵᠢ ᠯᠢ ᠢ ᡁᠢ᠂ ᠥᠪᠥᠷ ᠮᠣᠩᠭᠤᠯ ᠤᠨ ᠭᠤᠷᠪᠠᠳᠤᠭᠠᠷ ᠪᠠᠷᠢᠯᠭ᠎ᠠ ᠶᠢᠨ | ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠴᠠᠬᠢᠯᠭᠠᠨ ᠤ ᠳᠤᠭᠤᠶᠢᠯᠠᠩ ᠤᠨ ᠳᠠᠷᠤᠭ᠎ᠠ᠂ ᠳᠤᠮᠳᠠ ᠵᠡᠷᠭᠡ ᠶᠢᠨ | ᠠᠵᠢᠯᠲᠠᠨ ᠵᠠᠩ ᠶᠦᠩ ᠭᠠᠩ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠶᠢᠨ ᠴᠣᠯᠠ ᠶᠢ | ᠬᠦᠷᠲᠡᠪᠡ︔ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠯᠢ ᠱᠣᠣ ᠯᠢ᠂ ᠬᠥᠬᠡᠬᠤᠲᠠ ᠶᠢᠨ ᠠᠷᠠᠳ ᠤᠨ | ᠪᠠᠶᠢᠴᠠᠭᠠᠬᠤ ᠬᠤᠷᠢᠶ᠎ᠠ ᠶᠢᠨ ᠨᠠᠢᠮᠠᠳᠤᠭᠠᠷ ᠪᠠᠶᠢᠴᠠᠭᠠᠬᠤ ᠭᠠᠵᠠᠷ ᠤᠨ ᠡᠷᠬᠢᠯᠡᠭᠴᠢ ᠪᠠᠢ ᠵᠢᠩ ᠪᠦᠬᠦ ᠤᠯᠤᠰ ᠤᠨ | ᠲᠡᠷᠢᠭᠦᠨ ᠤ ᠠᠵᠢᠯᠲᠠᠨ ᠤ ᠢᠷᠠᠭᠤ ᠠᠯᠳᠠᠷ ᠤᠨ ᠴᠣᠯᠠ ᠶᠢ ᠬᠦᠷᠲᠡᠵᠡᠢ᠃ |