ᠸᠠᠩ ᠯᠢ ᠰᠢᠶᠠ ᠰᠠᠷ᠎ᠠ ᠶᠢᠨ ᠠᠵᠢᠯ ᠤᠨ ᠦᠨᠡᠯᠡᠯᠲᠡ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠠᠵᠢᠯ ᠤᠨ ᠡᠷᠴᠢᠮ ᠢᠶᠠᠨ ᠴᠢᠩᠭᠠᠷᠠᠭᠤᠯᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠬᠡᠯᠪᠡᠶᠢᠯᠭᠡᠬᠦ ᠦᠭᠡᠢ ᠲᠤᠶᠢᠯᠪᠤᠷᠢᠲᠠᠢ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2020/11/26
ᠵᠠᠩ ᠪᠠᠢ ᠴᠧᠩ  ᠯᠥᠸᠧ ᠴᠢᠩ ᠣᠷᠣᠯᠴᠠᠪᠠ      11 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠠᠷ᠎ᠠ ᠶᠢᠨ ᠠᠵᠢᠯ ᠤᠨ ᠦᠨᠡᠯᠡᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤ ᠰᠢᠶᠠᠨ ᠲᠣᠭᠤᠷᠢᠭ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠲᠦᠮᠡᠳ ᠵᠡᠭᠦᠨ ᠬᠤᠰᠢᠭᠤ᠂ ᠬᠤᠷᠢᠨᠭᠡᠷ ᠰᠢᠶᠠᠨ ᠬᠢᠭᠡᠳ ᠬᠤᠲᠠ ᠶᠢᠨ ᠳᠥᠷᠪᠡᠨ ᠲᠣᠭᠤᠷᠢᠭ ᠲᠠᠷᠠᠭᠠᠯᠠᠨ ᠣᠷᠴᠢᠮ ᠤᠨ ᠭᠤᠣᠯᠳᠠᠯᠭ᠎ᠠ ᠲᠠᠢ ᠠᠵᠢᠯ ᠢᠶᠠᠨ ᠬᠠᠷᠢᠭᠤ ᠮᠡᠳᠡᠭᠦᠯᠵᠦ᠂ ᠸᠠᠩ ᠯᠢ ᠰᠢᠶᠠ ᠡᠯ᠎ᠡ ᠭᠠᠵᠠᠷ ᠤᠨ ᠠᠵᠢᠯ ᠳᠤ ᠦᠨᠡᠯᠡᠯᠲᠡ ᠬᠢᠵᠦ᠂ ᠭᠢᠯᠠᠰ ᠴᠡᠭ ᠢ ᠨᠢ ᠵᠠᠳᠠᠯᠤᠨ᠂ ᠬᠦᠷᠦᠯᠴᠡᠬᠦ ᠦᠭᠡᠢ ᠶᠢ   ᠨᠢ ᠵᠢᠭᠠᠵᠤ᠂ ᠳᠠᠷᠠᠭᠠᠴᠢ ᠶᠢᠨ ᠠᠯᠬᠤᠮ ᠳᠤ ᠳᠣᠪᠣᠶᠢᠯᠭᠠᠨ ᠠᠳᠬᠤᠬᠤ ᠴᠢᠬᠤᠯᠠ ᠲᠠᠢ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠃      ᠸᠠᠩ ᠯᠢ ᠰᠢᠶᠠ ᠵᠢᠭᠠᠬᠤ ᠳᠠᠭᠠᠨ᠂ ᠡᠨᠡ ᠵᠢᠯ ᠪᠣᠯ ᠮᠠᠨ ᠤ ᠬᠤᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ  ᠰᠢᠢᠳᠪᠦᠷᠢᠲᠦ ᠢᠯᠠᠯᠲᠠ ᠶᠢ ᠣᠯᠬᠤ ᠪᠠᠷ ᠪᠠᠷᠠᠬᠤ ᠦᠭᠡᠢ᠂ ᠪᠠᠰᠠ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠵᠤ᠂ ᠦᠷᠢᠰᠦᠯᠳᠦᠭᠡᠨ ᠤᠷᠢᠳ ᠡᠮᠦᠨ᠎ᠡ ᠭᠠᠷᠤᠭ᠎ᠠ ᠦᠭᠡᠢ᠂ ᠠᠵᠢᠯ ᠤᠨ ᠱᠠᠭᠠᠷᠳᠠᠯᠭ᠎ᠠ ᠤᠷᠢᠳ ᠡᠮᠦᠨ᠎ᠡ ᠪᠠᠶᠢᠭ᠎ᠠ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠴᠢᠭᠯᠡᠯ ᠢ ᠬᠠᠵᠠᠶᠢᠯᠭᠠᠬᠤ ᠦᠭᠡᠢ᠂ ᠠᠷᠭ᠎ᠠ ᠬᠡᠮᠵᠢᠶ᠎ᠡ ᠠᠷᠭ᠎ᠠ ᠪᠣᠳᠣᠯᠭ᠎ᠠ ᠶᠢᠨ ᠬᠡᠯᠪᠡᠷᠢ ᠶᠢ ᠬᠤᠪᠢᠷᠠᠭᠤᠯᠬᠤ ᠦᠭᠡᠢ᠂ ᠡᠭᠦᠷᠭᠡ ᠬᠠᠷᠠᠯᠲᠠ ᠶᠢ ᠲᠤᠶᠢᠯᠪᠤᠷᠢᠲᠠᠢ  ᠪᠡᠶᠡᠯᠡᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯ ᠶᠢ ᠦᠨᠡᠨᠬᠦ ᠰᠠᠶᠢᠬᠠᠨ ᠬᠤᠷᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠢᠶᠠᠨ ᠦᠨᠡᠨᠬᠦ ᠰᠠᠶᠢᠬᠠᠨ ᠡᠬᠢᠯᠡᠭᠦᠯᠬᠦ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠣᠳᠣᠬᠠᠨ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠰᠤᠷᠤᠯᠴᠠᠯᠭ᠎ᠠ ᠶᠢᠨ ᠪᠦᠷᠬᠦᠴᠡ ᠶᠢ ᠥᠷᠭᠡᠳᠬᠡᠨ᠂ ᠰᠤᠷᠤᠯᠴᠠᠨ ᠣᠶᠢᠯᠠᠭᠠᠵᠤ ᠮᠡᠳᠡᠬᠦ᠂ ᠰᠤᠷᠤᠭᠰᠠᠨ ᠢᠶᠠᠨ ᠠᠵᠢᠯ ᠳᠠᠭᠠᠨ ᠬᠡᠷᠡᠭᠯᠡᠬᠦ ᠳᠡᠭᠡᠷ᠎ᠡ ᠬᠦᠴᠦᠯᠡᠬᠦ ᠬᠡᠷᠡᠭᠲᠡᠢ᠃ ᠪᠤᠳᠠᠳᠠᠢ ᠬᠢᠵᠦ ᠬᠦᠴᠢᠷ ᠲᠠᠢ ᠲᠤᠯᠤᠨ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠣᠪᠣᠷ ᠢᠶᠠᠷ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠬᠦᠴᠦᠳᠡᠢ ᠠᠳᠬᠤᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠡᠳᠬᠢᠯᠭᠡ ᠲᠠᠢ ᠰᠠᠨᠠᠭᠠᠴᠢᠯᠠᠭ᠎ᠠ ᠲᠠᠢ ᠰᠠᠶᠢᠲᠤᠷ ᠠᠳᠬᠤᠵᠤ᠂ ︽ᠤᠴᠢᠷ ᠢ ᠵᠠᠪᠠᠯ ᠰᠢᠢᠳᠪᠦᠷᠢᠯᠡᠬᠦ︾ ᠬᠠᠷᠠᠯᠲᠠ ᠶᠢ ᠴᠢᠩᠭ᠎ᠠ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ  ᠰᠢᠢᠳᠪᠦᠷᠢᠯᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠳᠤᠯᠠᠭᠠᠯᠠᠭ᠎ᠠ ᠶᠢᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠨ ᠬᠢᠵᠦ᠂ ᠣᠯᠠᠨ ᠲᠦᠮᠡᠨ ᠤ ᠡᠪᠦᠯ ᠢᠶᠠᠨ ᠬᠠᠯᠠᠭᠤᠨ ᠳᠤᠯᠠᠭᠠᠬᠠᠨ ᠥᠩᠭᠡᠷᠡᠭᠡᠬᠦ ᠶᠢ ᠪᠠᠲᠤᠯᠠᠬᠤ ᠬᠡᠷᠡᠭᠲᠡᠢ︔ ᠴᠠᠯᠢᠩ ᠣᠯᠭᠤᠮᠵᠢ ᠥᠷᠢᠲᠦᠬᠦ ᠶᠢ ᠵᠠᠰᠠᠵᠤ ᠴᠠᠯᠢᠩ ᠣᠯᠭᠤᠮᠵᠢ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠲᠣᠭᠲᠠᠭᠰᠠᠨ ᠴᠠᠭ ᠲᠤᠨᠢ ᠲᠤᠭ᠎ᠠ ᠶᠣᠰᠣᠭᠠᠷ ᠣᠯᠭᠤᠬᠤ ᠬᠡᠷᠡᠭᠲᠡᠢ︔ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠨᠢᠭᠡ ᠮᠥᠴᠡ ᠴᠦ ᠰᠤᠯᠠᠷᠠᠭᠤᠯᠤᠯ ᠦᠭᠡᠢ ᠴᠢᠩᠭ᠎ᠠ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠬᠠᠮᠢᠶᠠᠷᠴᠤ ᠴᠢᠩᠭ᠎ᠠ ᠡᠵᠡᠮᠳᠡᠨ ᠰᠠᠶᠢᠲᠤᠷ ᠠᠳᠬᠤᠵᠤ᠂ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠡᠨᠡ ᠵᠢᠯ ᠤᠨ ᠡᠴᠦᠰ ᠢᠷᠡᠬᠦ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠦᠬᠦ ᠲᠠᠯ᠎ᠠ ᠪᠠᠷ ᠪᠠᠶᠢᠴᠠᠭᠠᠨ ᠪᠦᠷᠢᠳᠬᠡᠵᠦ᠂ ᠨᠠᠷᠢᠨ ᠬᠢᠨᠠᠮᠠᠭᠠᠢ ᠳ᠋ᠦᠩᠨᠡᠨ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠦᠭᠦᠳᠡ ᠬᠤᠷᠠᠯ᠂ ᠪᠦᠬᠦ ᠬᠤᠲᠠ ᠶᠢᠨ ᠬᠤᠶᠠᠷ ᠬᠤᠷᠠᠯ ᠤᠨ ᠡᠯ᠎ᠡ ᠲᠥᠷᠥᠯ ᠤᠨ ᠤᠴᠢᠷ ᠶᠠᠪᠤᠳᠠᠯ ᠢ ᠨᠠᠷᠢᠯᠢᠭ ᠪᠡᠯᠡᠳᠬᠡᠨ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠰᠠᠶᠢᠬᠠᠨ ᠲᠥᠰᠥᠪᠯᠡᠵᠦ᠂ ᠰᠠᠶᠢᠬᠠᠨ ᠪᠠᠶᠢᠷᠢᠯᠠᠭᠤᠯᠬᠤ ᠬᠡᠷᠡᠭᠲᠡᠢ ᠭᠡᠪᠡ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ᠂ ᠯᠢᠦ ᠴᠧᠩ ᠮᠢᠨ᠂ ᠦ᠋ ᠸᠧᠨ ᠮᠢᠩ᠂ ᠰᠢᠦᠢ ᠷᠦᠢ ᠰᠢᠶᠠ᠂ ᠴᠢᠶᠥᠥ ᠶᠦᠨ ᠯᠢ᠂ ᠵᠠᠩ ᠭᠥᠸᠧ ᠫᠢᠩ ᠵᠡᠷᠭᠡ ᠬᠥᠮᠥᠰ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号