ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠤᠷᠤᠨ ᠨᠤᠲᠤᠭ ᠤᠨ ᠴᠢᠨᠠᠷᠲᠠᠢ ᠤᠤᠭᠠᠨ ᠬᠠᠤᠯᠢ ᠲᠦᠷᠢᠮ ᠤᠨ ᠲᠠᠪᠤᠨ ᠲᠤᠮᠤ ᠭᠢᠯᠠᠰ ᠴᠢᠭ ᠲᠠᠢ
ᠨᠡᠶᠢᠲᠡᠯᠡᠭᠰᠡᠨ ᠴᠠᠭ᠄
2020/11/26
      12 ᠰᠠᠷ᠎ᠠ ᠶᠢᠨ 1 ᠤ  ᠡᠲᠦᠷ ᠠᠴᠠ ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ  ᠤ  ᠤᠷᠤᠨ ᠨᠤᠲᠤᠭ ᠤᠨ ᠴᠢᠨᠠᠷᠲᠠᠢ ᠤᠤᠭᠠᠨ ᠬᠠᠤᠯᠢ ᠲᠦᠷᠢᠮ  ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ  ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠦᠷᠢᠮ ᠲᠤᠭᠲᠠᠭᠠᠯ︾ ᠢ ᠡᠬᠢᠯᠡᠨ ᠬᠡᠷᠡᠭᠵᠢᠬᠦᠯᠬᠦ ᠪᠤᠯᠤᠨ᠎ᠠ᠃ ᠡᠨᠡ ᠬᠦ ᠲᠦᠷᠮ ᠲᠤᠬᠲᠠᠭᠠᠯ ᠨᠢ ᠤᠯᠤᠰ ᠭᠡᠷ ᠬᠢᠭᠡᠳ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠪᠠ ᠬᠠᠮᠤᠭ ᠤᠨ ᠰᠢᠨ᠎ᠡ ᠲᠦᠷᠦ ᠶᠢᠨ ᠪᠤᠲᠤᠯᠭ᠎ᠠ ᠶᠢᠨ ᠬᠦᠲᠡᠯᠦᠰᠢ  ᠯᠦᠭᠡ ᠨᠠᠷᠢᠯᠢᠭ ᠤᠨᠤᠴᠢᠲᠠᠢ ᠠᠮᠠ ᠰᠡᠭᠡᠷ ᠵᠤᠯᠭᠠᠯᠴᠠᠵᠤ᠂ ᠠᠰᠠᠭᠤᠲᠠᠯ ᠢᠶᠠᠷ ᠬᠦᠲᠦᠯᠪᠤᠷᠢ ᠪᠤᠯᠭᠠᠬᠤ᠂ ᠬᠡᠷᠡᠭᠴᠡᠭᠡ  ᠪᠠᠷ ᠬᠦᠲᠦᠯᠪᠦᠷᠢ ᠪᠤᠯᠭᠠᠬᠤ ᠶᠢ ᠪᠠᠷᠢᠮᠲᠠᠯᠠᠨ᠂  ᠬᠠᠮᠢᠶᠠᠷᠤᠯᠲᠠ ᠶᠢ ᠴᠢᠩᠭᠠᠳᠬᠠᠬᠤ᠂ ᠲᠦᠭᠰᠢᠬᠦᠷᠢ ᠶᠢ ᠰᠡᠷᠭᠡᠶᠢᠯᠡᠬᠦ᠂ ᠬᠦᠭᠵᠢᠯᠲᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠨ᠂ ᠴᠢᠩᠭ᠎ᠠ ᠬᠠᠮᠢᠶᠠᠷᠤᠯᠲᠠ᠂ ᠰᠠᠶᠢᠨ ᠬᠠᠮᠢᠶᠠᠷᠤᠯᠲᠠ᠂ ᠰᠢᠯᠢᠲᠡᠭ ᠬᠠᠮᠢᠶᠠᠷᠤᠯᠲᠠ ᠶᠢᠨ ᠤᠬᠠᠬᠲᠠᠬᠤᠨ ᠢ  ᠪᠡᠶᠡᠴᠢᠯᠡᠬᠦᠯᠦᠭᠰᠡᠨ ᠪᠦᠭᠡᠳ ᠲᠦᠷᠢᠮ ᠲᠤᠬᠲᠠᠭᠠᠯ ᠤᠨ ᠲᠦᠰᠦᠪᠯᠡᠯ ᠳᠤ ᠪᠠᠨ ᠰᠢᠰᠲ᠋ᠧᠮᠴᠢ ᠴᠢᠨᠠᠷ᠂ ᠴᠢᠭᠯᠡᠬᠦᠯᠲᠦ ᠴᠢᠨᠠᠷ ᠪᠠ ᠠᠵᠢᠯᠯᠠᠬᠤ ᠴᠢᠨᠠᠷ ᠢ ᠲᠤᠪᠤᠶᠢᠯᠭᠠᠪᠠ᠂ ᠦᠪᠦᠷ ᠮᠤᠩᠭᠤᠯ ᠤᠨ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠦᠨᠢ ᠤᠲᠠᠭᠠᠨ ᠠᠮᠤᠷ ᠲᠦᠪᠰᠢᠨ ᠪᠠᠶᠢᠯᠭᠠᠬᠤ ᠴᠢᠬᠤᠯᠠ ᠶᠡᠭᠡ ᠰᠢᠪᠲᠤᠯᠤᠯᠲᠠ᠂ ᠦᠨᠲᠦᠰᠦᠨ ᠪᠠᠷᠢᠮᠲᠠᠯᠠᠯ᠂ ᠬᠠᠤᠯᠢ ᠲᠦᠷᠢᠮ ᠤᠨ ᠪᠠᠳᠤᠯᠠᠭ᠎ᠠ ᠪᠤᠯᠬᠤ ᠶᠤᠮ᠃  《 ᠲᠦᠷᠢᠮ ᠲᠤᠬᠲᠠᠭᠠᠯ》ᠲᠠᠪᠤᠨ ᠲᠤᠮᠤ ᠭᠢᠯᠠᠰ ᠴᠢᠭ ᠲᠠᠢ  ᠄ ᠤᠷᠤᠨ ᠨᠤᠲᠤᠭ ᠤᠨ  ᠮᠦᠩᠭᠦᠨ ᠬᠦᠢᠯᠭᠡᠭᠡᠨ   ᠤ  ᠭᠤᠷᠪᠠᠨ ᠱᠠᠳᠤᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠡᠢ᠃ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠤᠬᠠᠢ ᠤᠯᠤᠰ ᠭᠡᠷ ᠠᠴᠠ ᠲᠤᠭᠲᠠᠭᠠᠬᠰᠠᠨ ᠲᠤᠰᠢᠶᠠᠯ ᠬᠠᠷᠢᠭᠤᠴᠠᠯᠭ᠎ᠠ ᠶᠢ ᠰᠠᠶᠢᠳᠤᠷ ᠬᠡᠷᠡᠭᠵᠢᠬᠦᠯᠦᠨ ᠬᠦᠢᠴᠡᠳᠭᠡᠬᠦ   ᠶᠢᠨ ᠲᠦᠯᠦᠭᠡ᠂  ︽ᠲᠦᠷᠢᠮ ᠲᠤᠬᠲᠠᠭᠠᠯ︾ ᠳᠤ ᠡᠷᠬᠡ ᠬᠠᠷᠢᠭᠤᠴᠠᠯᠭ᠎ᠠ ᠶᠢ  ᠨᠢᠭᠡᠲᠦᠯᠲᠡᠢ ᠪᠤᠯᠭᠠᠬᠤ᠂ ᠭᠤᠷᠪᠠᠨ ᠱᠠᠳᠤ ᠪᠠᠷ ᠬᠤᠯᠪᠤᠭᠠᠯᠠᠨ ᠬᠠᠮᠢᠶᠠᠷᠬᠤ ᠬᠢᠨᠠᠨ ᠬᠠᠮᠢᠶᠠᠷᠤᠯᠲᠠ ᠶᠢᠨ ᠰᠢᠰᠲ᠋ᠧᠮ ᠪᠡ ᠨᠢᠭᠡᠲᠦᠯᠲᠡᠢ ᠲᠦᠯᠦᠪᠯᠡᠵᠦ ᠵᠤᠬᠢᠴᠠᠭᠤᠯᠬᠤ᠂ ᠠᠵᠢᠯ ᠤᠨ ᠬᠤᠪᠢᠶᠠᠷᠢ ᠪᠠᠷ ᠬᠠᠪᠰᠤᠷᠤᠯᠴᠠᠬᠤ ᠬᠢᠨᠠᠨ ᠬᠠᠮᠢᠶᠠᠷᠤᠯᠲᠠ ᠶᠢᠨ  ᠲᠤᠭᠲᠠᠴᠠ ᠶᠢ ᠲᠤᠲᠤᠷᠬᠠᠶᠢᠯᠠᠵᠠᠢ᠃ ︽ᠲᠦᠷᠢᠮ ᠲᠤᠬᠲᠠᠭᠠᠯ︾  ᠳᠤ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠮᠦᠩᠭᠦᠨ ᠬᠦᠢᠯᠭᠡᠭᠡᠨ ᠤ ᠠᠵᠢᠯ ᠤᠨ ᠬᠡᠷᠡᠭ ᠵᠦᠪᠲᠡᠬᠦ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ  ᠪᠦᠷᠢᠨᠰᠢᠬᠦᠯᠬᠦ ᠪᠦᠭᠡᠳ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠮᠦᠩᠭᠦᠨ ᠬᠦᠢᠯᠭᠡᠭᠡᠨ ᠢ ᠲᠤᠭᠲᠠᠭᠤᠨ ᠬᠦᠭᠵᠢᠬᠦᠯᠬᠦ ᠵᠦᠪᠯᠡᠯ ᠤᠨ ᠠᠯᠪᠠᠨ ᠭᠡᠷ ᠤᠨ ᠤᠷᠤᠨ ᠨᠤᠲᠤᠭ  ᠤᠨ ᠵᠤᠬᠢᠴᠠᠭᠤᠯᠬᠤ ᠲᠤᠭᠲᠠᠴᠠ ᠯᠤᠭ᠎ᠠ ᠶᠢᠨ ᠬᠤᠷᠰᠢᠯᠴᠠᠭ᠎ᠠ ᠪᠠᠨ  ᠴᠢᠩᠭᠠᠳᠬᠠᠪᠠ︔ ᠠᠶᠢᠮᠠᠭ ᠬᠤᠲᠠ᠂ ᠬᠤᠰᠢᠭᠤ ᠰᠢᠶᠠᠨ ᠤ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠠᠵᠢᠯ ᠤᠨ  ᠪᠠᠶᠢᠭᠤᠯᠤᠮᠵᠢ ᠳᠤ ᠬᠢᠨᠠᠨ ᠬᠠᠮᠢᠶᠠᠷᠤᠯᠲᠠ ᠪᠠ ᠲᠦᠭᠰᠢᠬᠦᠷᠢ ᠶᠢ ᠰᠡᠷᠬᠡᠶᠢᠯᠡᠬᠦ ᠪᠡ ᠰᠢᠢᠳᠪᠦᠷᠢᠯᠡᠬᠦ ᠬᠠᠷᠢᠭᠤᠴᠠᠯᠭ᠎ᠠ ᠶᠢᠨ  ᠡᠷᠬᠡ ᠤᠯᠭᠤᠪᠠ︔ ᠪᠤᠰᠤᠳ ᠰᠠᠯᠠᠭ᠎ᠠ ᠮᠦᠴᠢᠷ ᠤᠨ ᠬᠢᠨ ᠲᠤᠰ ᠲᠤᠰ ᠤᠨ ᠬᠢᠨ ᠢᠶᠠᠨ ᠲᠤᠰᠢᠶᠠᠯ ᠬᠠᠷᠢᠭᠤᠴᠠᠯᠭ᠎ᠠ ᠶᠤᠰᠤᠭᠠᠷ ᠬᠠᠮᠢᠶ᠎ᠠ ᠪᠦᠬᠦᠢ ᠠᠵᠢᠯ ᠢᠶᠠᠨ ᠰᠠᠶᠢᠳᠤᠷ ᠬᠢᠬᠦ ᠶᠢ ᠱᠠᠭᠠᠷᠲᠠᠵᠠᠢ᠃    ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠵᠢᠷᠤᠮᠵᠢᠬᠰᠠᠨ ᠰᠢᠰᠲ᠋ᠧᠮ ᠢ ᠲᠤᠲᠤᠷᠬᠠᠢ ᠪᠤᠯᠭᠠᠵᠠᠢ᠃ ᠤᠷᠤᠨ ᠨᠤᠲᠤᠭ ᠤᠨ  ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠲᠤᠬᠠᠢ ᠤᠯᠤᠰ ᠭᠡᠷ ᠤᠨ ᠲᠦᠭᠡᠮᠡᠯ ᠲᠦᠷᠢᠮᠯᠡᠯ ᠪᠠ ᠦᠪᠦᠷ ᠮᠤᠩᠭᠤᠯ ᠤᠨ ᠤᠷᠤᠨ ᠨᠤᠲᠤᠭ  ᠤᠨ ᠮᠦᠩᠭᠦᠨ ᠬᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠦᠢᠯᠡᠲᠦᠯᠭᠡ ᠶᠢᠨ ᠲᠤᠷᠰᠢᠯᠭ᠎ᠠ ᠪᠠᠷ ᠯᠠᠪᠯᠠᠯᠲᠠ ᠪᠤᠯᠭᠠᠵᠤ ᠂ ︽ᠲᠦᠷᠢᠮ ᠲᠤᠬᠲᠠᠭᠠᠯ︾ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠳᠤ ᠬᠤᠯᠪᠤᠬᠲᠠᠬᠰᠠᠨ ᠨᠡᠶᠢᠲᠡᠴᠢ ᠴᠢᠨᠠᠷ ᠤᠨ ᠠᠰᠠᠭᠤᠲᠠᠯ ᠠᠴᠠ ᠡᠬᠦᠰᠴᠦ᠂ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠳᠤ ᠬᠠᠨᠳᠤᠭᠤᠯᠤᠬᠰᠠᠨ  ᠪᠠᠶᠢᠭᠤᠯᠤᠮᠵᠢ ᠶᠢᠨ ᠬᠢᠨᠠᠨ ᠬᠠᠮᠢᠶᠠᠷᠤᠯᠲᠠ᠂ ᠬᠦᠮᠦᠨ ᠬᠠᠷ᠎ᠠ ᠶᠢᠨ ᠬᠢᠨᠠᠨ ᠬᠠᠮᠢᠶᠠᠷᠤᠯᠲᠠ᠂ ᠦᠢᠯᠡ ᠠᠵᠢᠯᠯᠠᠭ᠎ᠠ ᠶᠢᠨ ᠬᠢᠨᠠᠨ ᠬᠠᠮᠢᠶᠠᠷᠤᠯᠲᠠ᠂ ᠲᠦᠷᠢᠮ ᠳᠤ ᠨᠡᠶᠢᠴᠡᠬᠦ ᠬᠢᠨᠠᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠵᠢᠷᠤᠮᠵᠢᠭᠤᠨ ᠱᠠᠭᠠᠷᠲᠠᠯᠭ᠎ᠠ   ᠶᠢ  ᠲᠤᠲᠤᠷᠬᠠᠢ ᠪᠤᠯᠭᠠᠵᠤ᠂ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢ ᠡᠬᠢ ᠭᠠᠷᠤᠯ ᠳᠤ ᠨᠢ ᠪᠤᠴᠠᠭᠤᠯᠵᠤ᠂ ᠭᠤᠤᠯ ᠠᠵᠢᠯ ᠲᠦᠷᠦᠯ ᠳᠡᠭᠡᠨ ᠠᠩᠬᠠᠷᠤᠯ ᠢᠶᠠᠨ ᠲᠦᠪᠯᠡᠷᠡᠬᠦᠯᠦᠨ᠂ ᠤᠷᠤᠨ ᠪᠠᠶᠢᠷᠢ ᠪᠠᠨ ᠨᠠᠷᠢᠯᠠᠭ ᠤᠨᠤᠴᠢᠲᠠᠢ ᠤᠯᠤᠭᠤᠯᠬᠤ ᠶᠢᠨ ᠵᠡᠷᠭᠡᠲᠡ ᠦᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠤᠷᠤᠨ ᠨᠤᠲᠤᠭ ᠤᠨ ᠮᠦᠩᠭᠦᠨ ᠬᠦᠢᠯᠭᠡᠭᠡᠨ ᠢ ᠬᠦᠲᠦᠯᠦᠨ ᠲᠠᠭᠠᠭᠤᠯᠵᠤ ᠪᠠᠶᠢᠭᠠᠳ ᠴᠢᠨᠠᠷ ᠰᠠᠶᠢᠲᠠᠢ ᠦᠢᠯᠡᠴᠢᠯᠡᠭᠡ ᠶᠢᠨ ᠠᠵᠤ ᠠᠬᠤᠢ ᠶᠢᠨ ᠪᠤᠲᠠᠳᠤ ᠴᠤᠭᠴᠠ ᠪᠤᠯᠭᠠᠬᠤ ᠶᠢ ᠱᠠᠭᠠᠷᠲᠠᠪᠠ᠃      ᠤᠷᠤᠨ ᠨᠤᠲᠤᠭ ᠤᠨ  ᠮᠦᠩᠭᠦᠨ ᠬᠦᠢᠯᠭᠡᠭᠡᠨ ᠤ ᠲᠦᠭᠰᠢᠬᠦᠷᠢ ᠶᠢ ᠰᠡᠷᠬᠡᠶᠢᠯᠡᠬᠦ ᠬᠢᠭᠡᠳ ᠰᠢᠢᠳᠪᠦᠷᠢᠯᠡᠬᠦ ᠠᠵᠢᠯ ᠤᠨ  ᠰᠢᠰᠲ᠋ᠧᠮ ᠢ ᠴᠢᠩᠭᠠᠷᠠᠭᠤᠯᠵᠠᠢ᠃ ᠮᠦᠩᠭᠦᠨ ᠬᠦᠢᠯᠭᠡᠭᠡᠨ ᠤ ᠬᠦᠨᠲᠦ ᠶᠡᠭᠡ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠰᠢᠪᠳᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠤᠯᠤᠰ ᠭᠡᠷ ᠤᠨ ᠴᠢᠬᠤᠯᠠ ᠶᠡᠭᠡ ᠪᠠᠶᠢᠷᠢᠯᠠᠭᠤᠯᠤᠲᠠ ᠶᠢ  ᠲᠤᠤᠱᠯᠠᠭᠤᠯᠬᠤ ᠶᠢᠨ ᠲᠦᠯᠦᠭᠡ᠂ ︽ᠲᠦᠷᠢᠮ ᠲᠤᠬᠲᠠᠭᠠᠯ︾ ᠳᠤ ᠲᠦᠭᠰᠢᠬᠦᠷᠢ   ᠶᠢᠨ ᠰᠡᠷᠬᠡᠶᠢᠯᠡᠯᠲᠡ ᠡᠵᠡᠮᠲᠡᠯ ᠳᠤ ᠪᠦᠬᠦ ᠶᠠᠪᠤᠴᠠ ᠶᠢᠨ ᠬᠢᠨᠠᠨ ᠬᠠᠮᠢᠶᠠᠷᠤᠯᠲᠠ ᠶᠠᠪᠤᠭᠤᠯᠵᠤ᠂ ᠬᠤᠯᠪᠤᠬᠲᠠᠯ ᠪᠦᠬᠦᠢ ᠡᠯ᠎ᠡ ᠰᠠᠯᠠᠭ᠎ᠠ ᠮᠦᠴᠢᠷ ᠤᠨ ᠬᠠᠮᠵᠢᠯᠴᠠᠭ᠎ᠠ ᠬᠤᠷᠰᠢᠯᠴᠠᠭ᠎ᠠ ᠶᠢ ᠴᠢᠩᠭᠠᠷᠠᠭᠤᠯᠤᠨ᠂ ᠲᠤᠭᠲᠠᠴᠠ ᠪᠦᠷᠢᠨ ᠲᠡᠬᠦᠯᠲᠡᠷ᠂ ᠲᠤᠰᠢᠶᠠᠯ ᠬᠠᠷᠢᠭᠤᠴᠠᠯᠭ᠎ᠠ ᠲᠤᠲᠤᠷᠬᠠᠢ᠂ ᠬᠡᠰᠡᠭ ᠵᠤᠷᠪᠤᠰ ᠬᠤᠯᠪᠤᠭᠠᠯᠠᠨ ᠬᠦᠲᠡᠯᠬᠦ ᠰᠡᠷᠭᠡᠶᠢᠯᠡᠨ ᠡᠵᠡᠮᠲᠡᠬᠦ ᠰᠢᠰᠲ᠋ᠧᠮ  ᠢ ᠪᠦᠷᠢᠯᠲᠦᠬᠦᠯᠵᠡᠢ᠃      ᠤᠷᠤᠨ ᠨᠤᠲᠤᠭ ᠤᠨ ᠮᠦᠩᠭᠦᠨ ᠬᠦᠢᠯᠭᠡᠭᠡᠨ ᠢ ᠠᠬᠢᠭᠤᠯᠬᠤ ᠬᠢᠭᠡᠳ ᠬᠦᠭᠵᠢᠬᠦᠯᠬᠦ ᠲᠦᠷᠦ ᠶᠢᠨ ᠪᠤᠲᠤᠯᠭ᠎ᠠ  ᠶᠢᠨ  ᠰᠢᠰᠲ᠋ᠧᠮ ᠢ ᠪᠦᠷᠢᠨᠰᠢᠬᠦᠯᠪᠡ᠃ ᠦᠪᠦᠷ ᠮᠤᠩᠭᠤᠯ ᠤᠨ ᠮᠦᠩᠭᠦᠨ ᠬᠦᠢᠯᠭᠡᠭᠡᠨ ᠤ  ᠬᠦᠭᠵᠢᠯᠲᠡ ᠶᠢᠨ ᠰᠠᠭᠤᠷᠢ ᠨᠡᠯᠢᠶᠡᠳ ᠪᠠᠭᠤᠷᠠᠢ ᠪᠠᠶᠢᠬᠤ ᠪᠤᠲᠠᠳᠤ ᠪᠠᠶᠢᠲᠠᠯ ᠳᠤ ᠴᠢᠭᠯᠡᠬᠦᠯᠦᠨ᠂ ᠬᠢᠨᠠᠨ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠪᠠ᠃ ︽ᠲᠦᠷᠢᠮ ᠲᠤᠬᠲᠠᠭᠠᠯ︾ ᠳᠤ ᠨᠢᠭᠡᠨᠲᠡᠬᠦᠷ ᠮᠦᠩᠭᠦᠨ ᠬᠦᠢᠯᠭᠡᠭᠡᠨ ᠤ ᠠᠵᠢᠯ ᠦᠢᠯᠡᠰ ᠤᠨ ᠲᠤᠰ ᠪᠡᠶ᠎ᠡ ᠤᠨ ᠬᠦᠭᠵᠢᠯᠲᠡ ᠶᠢ ᠲᠡᠮᠵᠢᠬᠦ ᠠᠴᠠ ᠡᠭᠦᠰᠴᠦ᠂ ᠬᠦᠭᠵᠢᠬᠦᠯᠬᠦ ᠤᠳᠤᠷᠢᠳᠤᠨ ᠲᠠᠭᠠᠭᠤᠯᠬᠤ᠂ ᠬᠠᠮᠳᠤᠷᠠᠯᠴᠠᠬᠤ ᠶᠢ ᠬᠠᠷᠭᠠᠯᠵᠠᠬᠰᠠᠨ ᠲᠤᠭᠲᠠᠴᠠ ᠶᠢ ᠲᠤᠲᠤᠷᠬᠠᠶᠢᠯᠠᠨ᠂ ᠮᠦᠩᠭᠦᠨ ᠬᠦᠢᠯᠭᠡᠭᠡᠨ ᠤ ᠦᠭᠡᠷᠡᠴᠢᠯᠡᠯᠲᠡ ᠪᠠ ᠤᠷᠢᠲᠠᠪᠠᠷ ᠬᠦᠲᠡᠯᠵᠦ ᠤᠷᠢᠲᠠᠪᠠᠷ ᠲᠤᠷᠰᠢᠯᠲᠠ ᠦᠷᠨᠢᠬᠦᠯᠬᠦ ᠶᠢ ᠲᠡᠮᠵᠢᠨ᠂ ᠮᠦᠩᠭᠦᠨ ᠬᠦᠢᠯᠭᠡᠭᠡᠨ ᠤ ᠲᠦᠷᠦ ᠶᠢᠨ ᠪᠤᠲᠤᠯᠭ᠎ᠠ ᠶᠢᠨ  ᠤᠷᠴᠢᠨ ᠠᠬᠤᠢ ᠪᠠ ᠬᠠᠤᠯᠢ ᠴᠠᠭᠠᠵᠠ ᠶᠢᠨ ᠤᠷᠴᠢᠨ ᠠᠬᠤᠢ ᠶᠢ ᠶᠡᠬᠡᠪᠡᠷ ᠰᠢᠯᠢᠲᠡᠭᠵᠢᠬᠦᠯᠬᠦ ᠵᠡᠷᠭᠡ ᠲᠦᠷᠦ ᠶᠢᠨ ᠪᠤᠲᠤᠯᠭ᠎ᠠ ᠶᠢᠨ ᠠᠷᠭ᠎ᠠ ᠠᠪᠴᠠᠯ ᠢ ᠠᠪᠴᠤ︔ ᠨᠦᠬᠦᠭᠡᠲᠡᠬᠦᠷ ᠮᠦᠩᠭᠦᠨ ᠬᠦᠢᠯᠭᠡᠭᠡᠨ ᠤ ᠡᠯᠧᠮᠧᠨ᠋ᠲ ᠢ ᠤᠳᠤᠷᠢᠳᠤᠨ ᠲᠠᠭᠠᠭᠤᠯᠵᠤ ᠪᠤᠲᠠᠳᠤ ᠴᠤᠭᠴᠠ ᠶᠢᠨ ᠠᠵᠤ ᠠᠬᠤᠢ ᠳᠤ ᠨᠡᠩ ᠰᠠᠶᠢᠨ ᠢᠶᠠᠷ ᠦᠢᠯᠡᠴᠢᠯᠡᠬᠦᠯᠬᠦ ᠠᠴᠠ ᠭᠠᠷᠲᠠᠨ᠂ ᠮᠦᠩᠭᠦᠨ ᠬᠦᠢᠯᠭᠡᠭᠡᠨ ᠤ  ᠦᠢᠯᠡᠴᠢᠯᠡᠭᠡ ᠶᠢᠨ ᠵᠤᠯᠭᠠᠯᠴᠠᠭ᠎ᠠ᠂ ᠦᠨᠡᠯᠡᠯᠲᠡ᠂ ᠵᠠᠷᠯᠠᠨ ᠨᠡᠶᠢᠲᠡᠯᠡᠬᠦ ᠲᠤᠭᠳᠠᠴᠠ ᠪᠠ ᠡᠳ᠋ ᠤᠨ ᠵᠠᠰᠠᠭ ᠠᠴᠠ ᠱᠠᠩᠨᠠᠬᠤ ᠨᠦᠬᠦᠪᠦᠷᠢ ᠦᠭᠬᠦ ᠲᠦᠷᠦ ᠶᠢᠨ ᠪᠤᠲᠤᠯᠭ᠎ᠠ ᠶᠢ ᠪᠠᠶᠢᠭᠤᠯᠤᠨ ᠪᠦᠷᠢᠨᠰᠢᠬᠦᠯᠵᠦ᠂ ᠦᠭᠭᠦᠭᠡᠴᠢ ᠲᠠᠢ ᠮᠦᠩᠭᠦᠨ ᠭᠦᠢᠯᠭᠡᠭᠡ᠂  ᠰᠢᠨᠵᠢᠯᠡᠭᠡ ᠮᠡᠷᠭᠡᠵᠢᠯ ᠤᠨ ᠮᠦᠩᠭᠦᠨ ᠬᠦᠢᠯᠭᠡᠭᠡ᠂ ᠪᠤᠬᠢᠷᠲᠤᠯ ᠦᠭᠡᠢ ᠮᠦᠩᠭᠦᠨ ᠭᠦᠢᠯᠭᠡᠭᠡ ᠶᠢᠨ ᠬᠦᠭᠵᠢᠯᠲᠡ ᠶᠢ  ᠠᠬᠢᠭᠤᠯᠬᠤ ᠪᠦᠭᠡᠳ ᠠᠵᠤ ᠠᠬᠤᠶᠢᠯᠠᠯ ᠤᠨ ᠬᠦᠢᠯᠭᠡᠭᠡᠨ ᠤ ᠪᠡᠯᠡ ᠮᠦᠩᠭᠦ ᠶᠢᠨ ᠪᠦᠲᠦᠴᠡ ᠶᠢ ᠰᠠᠶᠢᠵᠢᠷᠠᠭᠤᠯᠤᠨ᠂  ᠬᠥᠷᠥᠩᠭᠡ ᠶᠢᠨ ᠵᠠᠬ᠎ᠠ ᠲᠡᠯᠭᠡᠭᠦᠷ ᠤᠨ ᠲᠤᠲᠠᠭᠤᠲᠠᠯ ᠢ ᠨᠦᠬᠦᠪᠦᠷᠢᠯᠡᠨ᠎ᠡ ᠭᠡᠵᠡᠢ᠃       ᠠᠭᠤᠴᠢᠯᠠᠬᠤ ᠶᠠᠯᠠᠯᠠᠬᠤ ᠶᠢ  ᠬᠤᠤᠰᠯᠠᠭᠤᠯᠤᠬᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠰᠢᠰᠲ᠋ᠧᠮ  ᠢ  ᠲᠤᠲᠤᠷᠬᠠᠢ ᠲᠤᠭᠲᠠᠪᠠ᠃ ᠬᠠᠤᠯᠢ ᠶᠢᠨ ᠬᠠᠷᠢᠭᠤᠴᠠᠯᠭ᠎ᠠ ᠶᠢᠨ ᠲᠦᠰᠦᠪᠯᠡᠯ ᠤᠨ ᠲᠠᠯ᠎ᠠ ᠪᠠᠷ᠂ ︽ᠲᠦᠷᠢᠮ ᠲᠤᠬᠲᠠᠭᠠᠯ︾  ᠤᠯᠤᠰ ᠭᠡᠷ ᠤᠨ ᠨᠢᠭᠡᠨᠲᠡ ᠪᠠᠶᠢᠲᠠᠭ ᠠᠵᠢᠯ ᠲᠦᠷᠦᠯ ᠤᠨ ᠬᠠᠮᠢᠶ᠎ᠠ ᠪᠦᠬᠦᠢ ᠲᠤᠭᠲᠠᠭᠠᠯ ᠢᠶᠠᠷ ᠯᠠᠪᠯᠠᠯᠲᠠ ᠪᠤᠯᠭᠠᠨ᠂ ᠦᠪᠦᠷ ᠮᠤᠩᠭᠤᠯ ᠤᠨ ᠠᠵᠤ ᠠᠬᠤᠢ ᠮᠦᠩᠬᠦᠨ ᠬᠦᠢᠯᠭᠡᠭᠡᠨ ᠤ ᠬᠦᠭᠵᠢᠯᠲᠡ ᠶᠢᠨ ᠲᠦᠪᠰᠢᠨ  ᠯᠦᠭᠡ ᠤᠶᠠᠯᠳᠤᠭᠤᠯᠵᠤ᠂ ᠮᠦᠩᠭᠦᠨ ᠬᠦᠢᠯᠭᠡᠭᠡᠨ ᠤ  ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠬᠦ ᠶᠢ ᠪᠠᠷᠢᠮᠲᠠᠯᠠᠬᠤ ᠶᠢᠨ  ᠵᠡᠷᠭᠡᠲᠡ᠂ ᠬᠠᠤᠯᠢ ᠵᠦᠷᠢᠴᠡᠭᠰᠡᠨ ᠲᠦᠷᠢᠮ ᠵᠦᠷᠢᠴᠡᠭᠰᠡᠨ ᠦᠢᠯᠡ ᠠᠵᠢᠯᠯᠠᠭ᠎ᠠ  ᠶᠢᠨ ᠬᠦᠨᠲᠦ ᠬᠦᠩᠭᠡᠨ ᠤ ᠬᠡᠮᠵᠢᠶ᠎ᠡ ᠶᠢ  ᠦᠨᠲᠦᠰᠦᠯᠡᠨ᠂ ᠶᠠᠯᠠᠯᠠᠨ ᠰᠢᠳᠭᠡᠬᠦ  ᠬᠦᠴᠦᠯᠡᠴᠡ ᠶᠢᠨ ᠲᠠᠯ᠎ᠠ ᠪᠠᠷ ᠱᠠᠳᠤ ᠲᠠᠪᠬᠤᠷᠭ᠎ᠠ ᠬᠡᠮᠵᠢᠶ᠎ᠡ ᠲᠤᠮᠵᠢᠶ᠎ᠠ ᠶᠢ ᠨᠢ ᠢᠯᠭᠠᠨ ᠰᠠᠯᠭᠠᠵᠤ᠂ ᠶᠠᠯᠠᠯᠠᠨ ᠲᠤᠷᠭᠠᠬᠤ ᠲᠤᠭ᠎ᠠ ᠬᠡᠮᠵᠢᠶ᠎ᠡ ᠶᠢᠨ ᠲᠠᠯ᠎ᠠ ᠪᠠᠷ ᠴᠢᠲᠠᠬᠤ ᠶᠢᠨ ᠬᠢᠷᠢᠨ ᠳᠤ ᠵᠦᠢ ᠵᠤᠬᠢᠰᠲᠠᠢ ᠬᠡᠮᠵᠢᠶᠡᠨ ᠳᠤ ᠪᠠᠶᠢᠯᠠᠭᠠᠬᠤ ᠶᠢ ᠬᠢᠴᠢᠶᠡᠬᠦ ᠪᠦᠭᠡᠳ ᠠᠪᠤᠷᠠᠵᠤ ᠨᠬᠦᠭᠰᠡᠨ ᠦᠢᠯᠡ ᠠᠵᠢᠯᠯᠠᠭ᠎ᠠ ᠲᠠᠢ ᠪᠤᠯ ᠬᠦᠩᠭᠡᠨ ᠢᠶᠠᠷ ᠰᠢᠢᠳᠪᠦᠷᠢᠯᠡᠨ᠎ᠡ ᠭᠡᠵᠡᠢ᠃ ︽ᠲᠦᠷᠢᠮ ᠲᠤᠬᠲᠠᠭᠠᠯ︾   ᠳᠤ ᠪᠠᠰᠠ ︽ᠬᠤᠤᠰ ᠲᠤᠷᠭᠠᠭᠤᠯᠢ ᠶᠢᠨ ᠲᠦᠷᠢᠮ︾ ᠬᠡᠷᠡᠭᠵᠢᠬᠦᠯᠬᠦ ᠬᠠᠶᠢᠯᠲᠠ ᠬᠢᠪᠡ᠂ ᠲᠤᠬᠠᠶᠢᠯᠠᠪᠠᠯ ᠤᠷᠤᠨ ᠨᠤᠲᠤᠭ ᠤᠨ ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠲᠠ ᠶᠢᠨ ᠬᠠᠤᠯᠢ ᠵᠦᠷᠢᠴᠡᠭᠰᠡᠨ ᠦᠯᠡ ᠠᠵᠢᠯᠯᠠᠭ᠎ᠠ ᠳᠤ ᠲᠤᠷᠭᠠᠭᠤᠯᠢ ᠰᠢᠳᠭᠡᠯ ᠦᠭᠬᠦ ᠶᠢᠨ ᠵᠡᠷᠭᠡᠲᠡ᠂ ᠰᠢᠭᠤᠳ ᠬᠠᠷᠢᠭᠤᠴᠠᠯᠭ᠎ᠠ ᠡᠬᠦᠷᠬᠦ  ᠬᠡᠷᠡᠭ ᠮᠡᠲᠡᠭᠴᠢ᠂ ᠬᠢᠨᠠᠯᠲᠠ ᠲᠠᠯᠪᠢᠬᠴᠢ᠂ ᠲᠡᠭᠡᠲᠦ ᠵᠡᠷᠭᠡ ᠶᠢᠨ ᠬᠠᠮᠢᠶᠠᠷᠤᠭᠴᠢ ᠳᠤ ᠪᠠᠰᠠ ᠲᠤᠷᠭᠠᠭᠤᠯᠢ ᠰᠢᠳᠭᠡᠯ  ᠤᠨᠤᠬᠲᠠᠭᠤᠯᠤᠨ᠎ᠠ ᠭᠡᠵᠦ ᠲᠤᠭᠲᠠᠪᠠ᠃  ︵︽ᠦᠪᠦᠷ ᠮᠤᠩᠭᠤᠯ ᠤᠨ ᠡᠲᠦᠷ ᠤᠨ ᠰᠤᠨᠢᠨ︾ ᠤ ᠰᠤᠷᠪᠤᠯᠵᠢᠯᠠᠭᠴᠢ  ᠸᠠᠩ ᠯᠢᠶᠠᠨ ᠶᠢᠩ︶http://mongol.people.com.cn/15830921.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号