︵ᠰᠤᠷᠪᠤᠯᠵᠢᠯᠠᠭᠴᠢ ᠯᠢᠤᠢ ᠬᠤᠢ ᠱᠧᠩ︶ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠪᠦᠬᠦ ᠤᠯᠤᠰ ᠤᠨ ᠲᠡᠷᠢᠭᠦᠨ ᠤ ᠠᠵᠢᠯᠲᠠᠨ ᠢ ᠰᠠᠶᠢᠰᠢᠶᠠᠨ ᠬᠦᠬᠢᠭᠦᠯᠬᠦ | ᠬᠤᠷᠠᠯ 11 ᠳ᠋ᠦ᠋ᠭᠡᠷ ᠰᠠᠷ᠎ᠠ ᠶᠢᠨ 24 ᠤ ᠡᠳᠦᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠥᠪᠥᠷ ᠮᠣᠩᠭᠤᠯ ᠤᠨ 61 | ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠡᠭᠡᠵᠢᠩ ᠳᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠪᠦᠬᠦ ᠤᠯᠤᠰ ᠤᠨ ᠲᠡᠷᠢᠭᠦᠨ ᠤ | ᠠᠵᠢᠯᠲᠠᠨ ᠢ ᠰᠠᠶᠢᠰᠢᠶᠠᠨ ᠬᠦᠬᠢᠭᠦᠯᠬᠦ ᠬᠤᠷᠠᠯ ᠳᠤ ᠣᠷᠣᠯᠴᠠᠪᠠ᠃ ᠡᠭᠦᠨ ᠤ ᠳᠣᠲᠣᠷ᠎ᠠ᠂ ᠬᠥᠬᠡᠬᠤᠲᠠ ᠶᠢᠨ 6 ᠬᠥᠮᠥᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠪᠦᠬᠦ | ᠤᠯᠤᠰ ᠤᠨ ᠲᠡᠷᠢᠭᠦᠨ ᠤ ᠠᠵᠢᠯᠲᠠᠨ ᠤ ᠢᠷᠠᠭᠤ ᠠᠯᠳᠠᠷ ᠤᠨ ᠴᠣᠯᠠ ᠶᠢ ᠬᠦᠷᠲᠡᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠢᠯᠢ ᠪᠣᠳᠠᠲᠤ ᠠᠵᠤ ᠠᠬᠤᠢ ᠶᠢᠨ ᠪᠦᠯᠦᠭᠯᠡᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠰᠦᠨ ᠲᠠᠯᠬ᠎ᠠ ᠶᠢᠨ ᠠᠵᠢᠯ | ᠦᠢᠯᠡᠰ ᠤᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠭᠠᠵᠠᠷ ᠤᠨ ᠶᠠᠰᠤ ᠴᠢᠨᠠᠷ ᠤᠨ ᠳᠡᠳ᠋ ᠶᠡᠷᠦᠩᠬᠡᠢ ᠬᠢᠨᠠᠭᠴᠢ᠂ ᠲᠤᠰᠠᠯᠠᠭᠴᠢ ᠢᠨᠵᠧᠨᠧᠷ᠂ ᠥᠨᠳᠥᠷ ᠵᠡᠷᠭᠡ ᠶᠢᠨ | ᠠᠵᠢᠯᠲᠠᠨ ᠮᠥᠩᠭᠦᠨᠬᠤᠸᠠᠷ᠂ ᠬᠥᠬᠡᠬᠤᠲᠠ ᠶᠢᠨ ᠲᠦᠩ ᠰᠢᠨ ᠳ᠋ᠧ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠰᠤᠳᠤᠯᠭᠠᠨ ᠤ ᠬᠢᠵᠠᠭᠠᠷᠲᠤ ᠺᠣᠮᠫᠠᠨᠢ ᠶᠢᠨ | ᠶᠡᠷᠦᠩᠬᠡᠢ ᠢᠨᠵᠧᠨᠧᠷ᠂ ᠫᠷᠣᠹᠧᠰᠰᠣᠷ ᠵᠡᠷᠭᠡ ᠶᠢᠨ ᠥᠨᠳᠥᠷ ᠵᠡᠷᠭᠡ ᠶᠢᠨ ᠢᠨᠵᠧᠨᠧᠷ ᠬᠠᠨ ᠵᠢᠶᠠ ᠲᠦᠩ᠂ ᠬᠥᠬᠡᠬᠤᠲᠠ ᠶᠢᠨ ᠬᠤᠲᠤᠩ ᠠᠷᠠᠳ ᠤᠨ ᠲᠣᠭᠤᠷᠢᠭ ᠤᠨ ᠲᠦᠩ ᠳ᠋ᠤᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠢ ᠢ ᡁᠢ᠂ ᠥᠪᠥᠷ ᠮᠣᠩᠭᠤᠯ ᠤᠨ | ᠭᠤᠷᠪᠠᠳᠤᠭᠠᠷ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠴᠠᠬᠢᠯᠭᠠᠨ ᠤ ᠳᠤᠭᠤᠶᠢᠯᠠᠩ ᠤᠨ ᠳᠠᠷᠤᠭ᠎ᠠ᠂ ᠳᠤᠮᠳᠠ ᠵᠡᠷᠭᠡ ᠶᠢᠨ ᠠᠵᠢᠯᠲᠠᠨ ᠵᠠᠩ ᠶᠦᠩ ᠭᠠᠩ ᠪᠦᠬᠦ | ᠤᠯᠤᠰ ᠤᠨ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠶᠢᠨ ᠴᠣᠯᠠ ᠶᠢ ᠬᠦᠷᠲᠡᠪᠡ︔ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠯᠢ ᠱᠣᠣ ᠯᠢ᠂ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠢᠮᠠᠳᠤᠭᠠᠷ | ᠪᠠᠶᠢᠴᠠᠭᠠᠬᠤ ᠭᠠᠵᠠᠷ ᠤᠨ ᠡᠷᠬᠢᠯᠡᠭᠴᠢ ᠪᠠᠢ ᠵᠢᠩ ᠪᠦᠬᠦ ᠤᠯᠤᠰ ᠤᠨ ᠲᠡᠷᠢᠭᠦᠨ ᠤ ᠠᠵᠢᠯᠲᠠᠨ ᠤ ᠢᠷᠠᠭᠤ ᠠᠯᠳᠠᠷ ᠤᠨ ᠴᠣᠯᠠ ᠶᠢ ᠬᠦᠷᠲᠡᠵᠡᠢ᠃ |