ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ︽ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ  ᠬᠦᠴᠢᠷᠳᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠤᠷᠢᠯᠡᠬᠦ ᠲᠤᠬᠠᠢ ᠬᠡᠷᠡᠭᠵᠢᠭᠦᠯᠬᠦ ᠲᠦᠰᠦᠯ︾ ᠢ ᠲᠠᠷᠤᠮᠠᠯᠯᠠᠨ ᠲᠡᠷᠬᠠᠭᠠᠪᠠ
ᠨᠡᠶᠢᠲᠡᠯᠡᠭᠰᠡᠨ ᠴᠠᠭ᠄
2020/11/26
      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 24 ᠤ ᠡᠳᠤᠷ ᠤᠨ ᠮᠡᠳᠡᠭᠡ ᠤᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ︽ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠦᠴᠢᠷᠲᠡᠢ ᠪᠠᠶᠢᠭ᠎ᠠ ᠠᠰᠠᠭᠤᠳᠠᠯ ᠢ ᠦᠨᠡᠨᠬᠦ ᠰᠢᠢᠳᠪᠤᠷᠢᠯᠡᠬᠦ ᠲᠤᠬᠠᠢ ᠬᠡᠷᠡᠭᠵᠢᠭᠦᠯᠬᠦ ᠲᠦᠰᠦᠯ︾ ︵ᠲᠤᠷᠤᠭᠰᠢ ︽ᠬᠡᠷᠡᠭᠵᠢᠭᠦᠯᠬᠦ ᠲᠦᠰᠦᠯ︾ ᠭᠡᠵᠦ ᠲᠦᠭᠦᠮᠴᠢᠯᠡᠨ᠎ᠡ︶ ᠢ ᠲᠠᠷᠤᠮᠠᠯᠯᠠᠨ ᠲᠠᠷᠬᠠᠭᠠᠵᠦ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠦᠴᠢᠷᠳᠡᠵᠦ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠤᠷᠢᠯᠡᠵᠦ᠂ ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ ᠤᠶᠤᠨᠴᠢᠯᠠᠭᠰᠠᠨ ᠦᠢᠯᠡᠴᠢᠯᠡᠭᠡᠨ ᠤ ᠡᠭᠦᠳᠦᠯᠲᠡ ᠶᠢ ᠵᠡᠷᠭᠡᠴᠡᠭᠦᠯᠦᠨ ᠶᠡᠪᠤᠭᠳᠠᠭᠤᠯᠬᠤ ᠶᠢ ᠪᠠᠷᠢᠮᠲᠠᠯᠠᠵᠦ᠂ ᠨᠠᠰᠤᠲᠠᠶᠢᠴᠤᠳ ᠲᠤ ᠨᠡᠩ ᠪᠦᠷᠢᠨ ᠭᠦᠢᠴᠡᠳ᠂ ᠨᠡᠩ ᠲᠤᠲᠤᠨᠤ᠂ ᠨᠡᠩ ᠰᠢᠭᠤᠳ ᠲᠦᠬᠦᠮ ᠦᠢᠯᠡᠴᠢᠯᠡᠭᠡ ᠬᠠᠩᠭᠠᠬᠤ ᠪᠠᠶᠢᠷᠢᠯᠠᠭᠤᠯᠤᠯᠲᠠ ᠬᠢᠵᠠᠢ᠃      ︽ᠬᠡᠷᠡᠭᠵᠢᠭᠦᠯᠬᠦ ᠲᠦᠰᠦᠯ︾   ᠳᠤ ᠵᠢᠭᠠᠵᠦ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯᠲᠡ ᠶᠢ ᠪᠠᠷᠢᠮᠲᠠᠯᠠᠵᠦ᠂ ᠠᠷᠠᠳ ᠲᠦᠮᠡᠨ ᠤ ᠡᠳᠤᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠦ᠂ ᠨᠠᠰᠤᠲᠠᠶᠢᠴᠤᠳ ᠤᠨ  ᠬᠡᠷᠡᠭᠴᠡᠭᠡ ᠶᠢ ᠭᠦᠢᠴᠡᠳ ᠬᠠᠷᠠᠭᠠᠯᠵᠠᠵᠦ ᠴᠢᠳᠠᠬᠤ ᠤᠬᠠᠭᠠᠨᠳᠤ ᠨᠡᠶᠢᠭᠡᠮ ᠤᠨ ᠪᠠᠶᠢᠭᠤᠯᠤᠯᠲᠠ ᠶᠢ ᠪᠠᠷᠢᠮᠲᠠᠯᠠᠵᠦ᠂ ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ ᠤᠶᠤᠨᠴᠢᠯᠠᠭᠰᠠᠨ ᠦᠢᠯᠡᠴᠢᠯᠡᠭᠡᠨ ᠤ ᠡᠭᠦᠳᠦᠯᠲᠡ ᠶᠢ ᠵᠡᠷᠭᠡᠴᠡᠭᠦᠯᠦᠨ ᠶᠡᠪᠤᠭᠳᠠᠭᠤᠯᠬᠤ ᠶᠢ ᠪᠠᠷᠢᠮᠲᠠᠯᠠᠵᠦ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ   ᠳᠤ ᠲᠤᠯᠭᠠᠷᠠᠵᠦ ᠪᠠᠶᠢᠭ᠎ᠠ ᠬᠦᠴᠢᠷᠲᠡᠯ ᠢ ᠦᠨᠡᠨᠬᠦ ᠰᠢᠢᠳᠪᠤᠷᠢᠯᠡᠬᠦ ᠬᠡᠷᠡᠭᠲᠡᠢ᠃ ᠬᠢᠵᠢᠭ ᠢ ᠰᠡᠷᠭᠡᠶᠢᠯᠡᠨ ᠬᠤᠷᠢᠭᠯᠠᠬᠤ ᠪᠠ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠳᠤ ᠵᠤᠬᠢᠴᠠᠭᠤᠯᠵᠦ᠂ ᠨᠠᠰᠤᠲᠠᠶᠢᠴᠤᠳ ᠤᠨ ᠡᠳᠤᠷ ᠲᠤᠲᠤᠮ ᠤᠨ ᠠᠮᠢᠳᠤᠷᠠᠯ ᠳᠤ  ᠤᠯᠠᠨ ᠲᠤᠬᠢᠶᠠᠯᠳᠤᠬᠤ ᠵᠥᠢᠯ ᠳᠤ ᠠᠩᠬᠠᠷᠤᠯ ᠲᠠᠯᠪᠢᠵᠦ᠂ ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ ᠤᠶᠤᠨᠴᠢᠯᠠᠭᠰᠠᠨ ᠦᠢᠯᠡᠴᠢᠯᠡᠭᠡᠨ ᠤ ᠡᠭᠦᠳᠦᠯᠲᠡ ᠶᠢ ᠤᠶᠠᠯᠳᠤᠭᠤᠯᠬᠤ᠂ ᠡ᠊ᠩ ᠤᠨ ᠬᠡᠷᠡᠭᠯᠡᠭᠡ ᠪᠠ ᠲᠦᠷᠦᠯ ᠠᠩᠭᠢᠯᠠᠬᠤ  ᠶᠢ ᠤᠶᠠᠯᠳᠤᠭᠤᠯᠬᠤ᠂ ᠰᠦᠯᠵᠢᠶᠡᠨ ᠦᠢᠯᠡᠴᠢᠯᠡᠭᠡ ᠪᠠ ᠰᠦᠯᠵᠢᠶᠡᠨ ᠭᠠᠳᠠᠨᠠᠬᠢ ᠵᠠᠮ ᠰᠤᠪᠠᠭ ᠢ ᠤᠶᠠᠯᠳᠤᠭᠤᠯᠬᠤ᠂ ᠲᠤᠪᠤᠶᠢᠮ᠎ᠠ ᠠᠰᠠᠭᠤᠳᠠᠯ ᠢ  ᠰᠢᠢᠳᠪᠤᠷᠢᠯᠡᠬᠦ ᠪᠠ ᠤᠷᠳᠤ ᠤᠳᠠᠭᠠᠨ ᠦᠢᠯᠡᠴᠢᠯᠡᠯ ᠲᠠᠢ ᠲᠤᠭᠲᠠᠴᠠ ᠶᠢ ᠤᠶᠠᠯᠳᠤᠭᠤᠯᠬᠤ   ᠶᠢ ᠪᠠᠷᠢᠮᠲᠠᠯᠠᠵᠦ᠂ ᠨᠠᠰᠤᠲᠠᠶᠢᠴᠤᠳ ᠲᠤ ᠦᠢᠯᠡᠴᠢᠯᠡᠬᠦ ᠡᠯ᠎ᠡ ᠵᠥᠢᠯ ᠤᠨ ᠠᠵᠢᠯ ᠢ ᠨᠠᠷᠢᠨ ᠪᠤᠳᠠᠲᠠᠢ ᠬᠢᠵᠦ᠂ ᠰᠤᠷᠠᠭ ᠵᠠᠩᠭᠢᠵᠢᠯᠲᠠ ᠶᠢᠨ ᠬᠦᠭᠵᠢᠯᠲᠡ ᠲᠤᠮᠳᠠ ᠨᠠᠰᠤᠲᠠᠶᠢᠴᠤᠳ ᠢ ᠨᠡᠩ ᠢᠯᠡᠭᠦᠦ ᠬᠦᠷᠲᠡᠮᠵᠢᠳᠤ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠠᠶᠢᠪᠤᠩ ᠲᠦᠷᠦᠭᠳᠡᠯ ᠲᠠᠢ ᠪᠤᠯᠭᠠᠬᠤ ᠬᠡᠷᠡᠭᠲᠡᠢ ᠭᠡᠵᠡᠢ᠃      ︽ ᠬᠡᠷᠡᠭᠵᠢᠭᠦᠯᠬᠦ ᠲᠦᠰᠦᠯ︾ ᠳᠤ ᠲᠤᠷᠠᠳᠤᠭᠰᠠᠨ ᠨᠢ᠂ ᠲᠦᠷᠦ ᠶᠢᠨ ᠪᠤᠲᠤᠯᠭ᠎ᠠ ᠶᠢᠨ ᠵᠢᠯᠤᠭᠤᠳᠤᠮᠵᠢ ᠪᠠ ᠪᠦᠬᠦ ᠨᠡᠶᠢᠭᠡᠮ ᠤᠨ ᠬᠠᠮᠳᠤ ᠶᠢᠨ ᠴᠢᠷᠮᠠᠶᠢᠯᠭ᠎ᠠ ᠪᠠᠷ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠦᠴᠢᠷᠳᠡᠵᠦ ᠪᠠᠶᠢᠭ᠎ᠠ ᠠᠰᠠᠭᠤᠳᠠᠯ ᠢ  ᠪᠦᠳᠦᠮᠵᠢᠲᠠᠢ ᠰᠢᠢᠳᠪᠤᠷᠢᠯᠡᠵᠦ᠂ ᠦᠷᠭᠡᠨ ᠤᠯᠠᠨ ᠨᠠᠰᠤᠲᠠᠶᠢᠴᠤᠤᠯ ᠢ ᠤᠬᠠᠭᠠᠨᠳᠤ ᠨᠡᠶᠢᠭᠡᠮ ᠳᠤ ᠨᠡᠩ ᠰᠠᠶᠢᠨ ᠵᠤᠬᠢᠴᠠᠭᠤᠯᠬᠤ ᠬᠡᠷᠡᠭᠲᠡᠢ᠃ 2020 ᠤᠨ ᠤ ᠡᠴᠦᠰ ᠠᠴᠠ ᠡᠮᠤᠨ᠎ᠡ᠂ ᠡᠯ᠎ᠡ ᠲᠦᠷᠦᠯ  ᠤᠨ ᠤᠯᠠᠮᠵᠢᠯᠠᠯᠳᠤ ᠦᠢᠯᠡᠴᠢᠯᠡᠭᠡ ᠶᠢ ᠬᠦᠴᠦ ᠪᠠᠨ ᠲᠦᠪᠯᠡᠷᠡᠭᠦᠯᠦᠨ ᠰᠠᠶᠢᠳᠤᠷ ᠪᠠᠲᠤᠯᠠᠵᠦ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠠᠮᠤᠭ ᠪᠠᠴᠢᠮ ᠲᠤᠯᠭᠠᠷᠠᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠬᠦ‍ ᠨᠢᠭᠡ ᠪᠦᠯᠦᠭ  ᠪᠦᠳᠦᠮᠵᠢᠲᠠᠢ ᠠᠷᠭ᠎ᠠ ᠪᠠᠷᠢᠯ ᠢ ᠰᠡᠳᠤᠨ ᠭᠠᠷᠭᠠᠵᠦ᠂ ᠨᠠᠰᠤᠲᠠᠶᠢᠴᠤᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ᠃ 2021 ᠤᠨ ᠤ ᠡᠴᠦᠰ ᠠᠴᠠ ᠡᠮᠤᠨ᠎ᠡ᠂ ᠨᠠᠰᠤᠲᠠᠶᠢᠴᠤᠳ ᠲᠤ ᠤᠯᠠᠨ ᠲᠤᠬᠢᠶᠠᠯᠳᠤᠬᠤ ᠵᠥᠢᠯ ᠤᠨ ᠲᠤᠭᠤᠷᠢᠨ ᠳᠤ ᠨᠠᠰᠤᠲᠠᠶᠢᠴᠤᠳ ᠲᠤ ᠬᠦᠷᠲᠡᠭᠡᠬᠦ ᠤᠶᠤᠨᠴᠢᠯᠠᠭᠰᠠᠨ ᠦᠢᠯᠡᠴᠢᠯᠡᠭᠡ ᠶᠢ ᠨᠡᠩ ᠲᠦᠭᠡᠮᠡᠯᠵᠢᠭᠦᠯᠵᠦ᠂ ᠤᠯᠠᠮᠵᠢᠯᠠᠯᠳᠤ ᠦᠢᠯᠡᠴᠢᠯᠡᠭᠡ ᠶᠢᠨ ᠬᠡᠯᠪᠡᠷᠢ ᠨᠡᠩ ᠲᠡᠭᠦᠯᠳᠡᠷᠵᠢᠭᠰᠡᠨ ᠪᠠᠶᠢᠬᠤ ᠬᠡᠷᠡᠭᠲᠡᠢ᠃ 2022 ᠤᠨ ᠤ ᠡᠴᠦᠰ ᠠᠴᠠ ᠡᠮᠤᠨ᠎ᠡ᠂ ᠨᠠᠰᠤᠲᠠᠶᠢᠴᠤᠳ ᠲᠤ ᠬᠦᠷᠲᠡᠭᠡᠬᠦ ᠤᠶᠤᠨᠴᠢᠯᠠᠭᠰᠠᠨ ᠦᠢᠯᠡᠴᠢᠯᠡᠭᠡ ᠶᠢᠨ ᠬᠢᠷᠢ ᠲᠦᠪᠰᠢᠨ ᠢ ᠮᠡᠳᠡᠭᠳᠡᠭᠦᠶᠢᠴᠡ ᠰᠠᠶᠢᠵᠢᠷᠠᠭᠤᠯᠵᠦ᠂ ᠲᠦᠭᠦᠮ ᠲᠦᠲᠡ ᠴᠢᠨᠠᠷ ᠢ ᠲᠠᠰᠤᠷᠠᠯᠲᠠ ᠦᠭᠡᠢ  ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠨᠡᠩ ᠪᠦᠳᠦᠮᠵᠢᠲᠡᠢ  ᠪᠤᠯᠭᠠᠵᠦ᠂ ᠨᠠᠰᠤᠲᠠᠶᠢᠴᠤᠳ ᠲᠤ ᠲᠤᠯᠭᠠᠷᠠᠭᠰᠠᠨ ︽ ᠲᠤᠭᠠᠴᠢᠯᠠᠯ ᠤᠨ ᠠᠩ ᠵᠠᠪᠰᠠᠷ︾ ᠤᠨ ᠠᠰᠠᠭᠤᠳᠠᠯ ᠢ ᠰᠢᠢᠳᠪᠤᠷᠢᠯᠡᠬᠦ ᠤᠷᠳᠤ ᠤᠳᠠᠭᠠᠨ ᠤ ᠲᠤᠭᠲᠠᠴᠠ ᠶᠢ ᠦᠨᠳᠦᠰᠦᠨ ᠳᠡᠭᠡᠨ ᠪᠠᠶᠢᠭᠤᠯᠬᠤ ᠬᠡᠷᠡᠭᠲᠡᠢ ᠬᠡᠪᠡ᠃http://mongol.people.com.cn/15830919.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ