ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2020/11/26
     11 ᠳ᠋ᠦ᠋ᠭᠡᠷ ᠰᠠᠷ᠎ᠠ ᠶᠢᠨ 24 ᠤ ᠡᠳᠦᠷ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠷᠤᠯᠳᠤᠭᠠᠨ ᠬᠤᠲᠣᠩ ᠠᠷᠠᠳ ᠤᠨ ᠲᠣᠭᠤᠷᠢᠭ ᠤᠨ ᠨᠠᠨ ᠮᠠ ᠵᠠᠮ ᠤᠨ ᠪᠠᠭ᠎ᠠ ᠰᠤᠷᠭᠠᠭᠤᠯᠢ ᠶᠢᠨ ᠰᠢᠨᠬᠤᠸᠠ ᠪᠠᠷᠠᠭᠤᠨ ᠵᠡᠭᠡᠯᠢ ᠶᠢᠨ ᠰᠤᠷᠭᠠᠭᠤᠯᠢ ᠶᠢᠨ ᠲᠣᠭᠤᠷᠢᠭ ᠲᠤ ᠡᠬᠢᠯᠡᠪᠡ᠃ ᠲᠤᠰ ᠤᠳᠠᠭᠠᠨ ᠤ ᠤᠷᠤᠯᠳᠤᠭᠠᠨ ᠢ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠡᠷᠬᠢᠯᠡᠨ᠂ ᠪᠦᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠯᠧ ᠭᠤᠤ᠂ ᠮᠠᠰᠢᠨ ᠬᠥᠮᠥᠨ ᠤ ᠳᠠᠷᠠᠭᠠᠯᠠᠯ ᠪᠢᠴᠢᠬᠦ᠂ ᠰᠢᠨᠵᠢᠯᠡᠬᠦ ᠤᠬᠠᠭᠠᠨ ᠤ ᠮᠡᠳᠡᠯᠭᠡ ᠶᠢᠨ ᠤᠩᠰᠢᠯᠭ᠎ᠠ᠂ ᠰᠢᠨᠵᠢᠯᠡᠭᠡ ᠮᠡᠷᠭᠡᠵᠢᠯ ᠤᠨ ᠵᠢᠷᠤᠭ ᠵᠢᠷᠤᠬᠤ ᠵᠡᠷᠭᠡ ᠤᠯᠠᠨ ᠵᠦᠢᠯ ᠤᠨ ᠤᠷᠤᠯᠳᠤᠭᠠᠨ ᠢ ᠵᠣᠬᠢᠶᠠᠨ ᠪᠠᠶᠢᠭᠤᠯᠵᠠᠢ᠃ ᠤᠷᠤᠯᠳᠤᠭᠠᠨ ᠢ  ᠪᠡᠯᠡᠳᠭᠡᠯ ᠰᠤᠩᠭᠤᠯᠲᠠ  ᠂  ᠠᠩᠬᠠᠨ ᠤ ᠤᠷᠤᠯᠳᠤᠭᠠᠨ᠂ ᠰᠢᠭᠰᠢᠭᠡ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠡᠷᠭᠡ 4 ᠱᠠᠲᠤ ᠬᠤᠪᠢᠶᠠᠵᠤ᠂ 2021 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ  ᠪᠣᠯᠲᠠᠯ᠎ᠠ ᠦᠷᠭᠦᠯᠵᠢᠯᠡᠨ᠎ᠡ᠃  ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠢ ᠵᠣᠬᠢᠶᠠᠨ ᠪᠠᠶᠢᠭᠤᠯᠤᠭᠰᠠᠨ ᠵᠣᠷᠢᠯᠭ᠎ᠠ ᠨᠢ ᠰᠢᠨᠵᠢᠯᠡᠭᠡ ᠮᠡᠷᠭᠡᠵᠢᠯ ᠤᠨ ᠮᠡᠳᠡᠯᠭᠡ ᠴᠢᠳᠠᠪᠤᠷᠢ ᠶᠢ ᠰᠣᠯᠢᠯᠴᠠᠬᠤ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠷᠭ᠎ᠠ ᠮᠠᠶ᠋ᠢᠭ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠦᠨ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂  ᠰᠢᠨᠵᠢᠯᠡᠬᠦ ᠤᠬᠠᠭᠠᠨ ᠢ ᠰᠤᠷᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢ ᠠᠬᠢᠭᠤᠯᠬᠤ ᠪᠤᠯᠤᠨ᠎ᠠ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ