ᠰᠢᠨ᠎ᠡ ᠬᠤᠲᠠ ᠲᠣᠭᠤᠷᠢᠭ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/27
     11 ᠳ᠋ᠦ᠋ᠭᠡᠷ ᠰᠠᠷ᠎ᠠ ᠶᠢᠨ 20 ᠤ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠳᠣᠨ ᠤ ᠳᠡᠳ᠋ ᠲᠤᠭᠤᠷᠢᠭ ᠤᠨ ᠳᠠᠷᠤᠭ᠎ᠠ ᠤᠳᠤᠨ ᠬᠤᠷᠠᠯ ᠳᠤ ᠣᠷᠣᠯᠴᠠᠭᠰᠠᠨ ᠪᠥᠭᠡᠳ ᠬᠤᠷᠠᠯ ᠡᠷᠭᠢᠯᠡᠪᠡ᠃ ᠬᠤᠷᠠᠯ ᠠᠴᠠ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠤᠳᠤᠨ ᠳᠡᠳ᠋ ᠲᠣᠭᠤᠷᠢᠭ ᠤᠨ ᠳᠠᠷᠤᠭ᠎ᠠ ᠰᠢᠨ᠎ᠡ ᠬᠤᠲᠠ ᠲᠣᠭᠤᠷᠢᠭ ᠤᠨ ᠳᠠᠷᠠᠭ᠎ᠠ ᠨᠢᠭᠡ ᠱᠠᠲᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠨᠢᠭᠡ ᠳᠤ ᠬᠤᠭ ᠨᠣᠪᠰᠢ ᠶᠢ ᠲᠥᠷᠥᠯ ᠬᠤᠪᠢᠶᠠᠬᠤ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠭᠡᠳᠦ ᠬᠡᠮᠵᠢᠶ᠎ᠡ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ︔ ᠬᠤᠶᠠᠷ ᠲᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠬᠠᠮᠵᠢᠯᠴᠠᠬᠤ ᠶᠢ ᠰᠠᠶᠢᠲᠤᠷ ᠠᠳᠬᠤᠬᠤ ᠬᠡᠷᠡᠭᠲᠡᠢ︔ ᠭᠤᠷᠪᠠ ᠳᠤ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ‍ ᠴᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠶᠢᠨ ᠬᠠᠮᠲᠤ ᠠᠮᠵᠢᠯᠲᠠ ᠣᠯᠤᠭᠰᠠᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠴᠠᠭ  ᠲᠤᠨᠢ ᠬᠤᠭ ᠨᠣᠪᠰᠢ ᠶᠢ ᠲᠥᠷᠥᠯ ᠬᠤᠪᠢᠶᠠᠨ ᠠᠬᠢᠭᠤᠯᠬᠤ ᠬᠤᠷᠠᠯ ᠬᠤᠷᠠᠯᠳᠤᠭᠤᠯᠵᠤ᠂ ᠪᠦᠬᠦ ᠲᠤᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠠᠶᠢᠴᠢᠯᠠᠨ ᠪᠦᠬᠦ ᠬᠤᠲᠠ ᠳᠤ ᠡᠮᠦᠨ᠎ᠡ ᠪᠠᠷ ᠨᠢ ᠶᠠᠪᠤᠵᠤ ᠦᠯᠢᠭᠡᠷ ᠳᠠᠭᠤᠷᠢᠶᠠᠯ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号