11 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠳᠡᠳ᠋ | ᠲᠤᠭᠤᠷᠢᠭ ᠤᠨ ᠳᠠᠷᠤᠭ᠎ᠠ ᠤᠳᠤᠨ ᠵᠡᠷᠭᠡ 7 ᠬᠥᠮᠦᠨ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠬᠤᠷᠢᠶᠠᠯᠠᠯ ᠳᠤ ᠬᠦᠷᠴᠦ᠂ ᠬᠤᠷᠢᠶᠠᠯᠠᠯ ᠤᠨ ᠬᠤᠭ ᠨᠣᠪᠰᠢ ᠶᠢ | ᠲᠥᠷᠥᠯ ᠬᠤᠪᠢᠶᠠᠨ ᠦᠷᠨᠢᠭᠦᠯᠦᠭᠰᠡᠨ ᠠᠵᠢᠯ᠂ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠥᠷᠲᠡᠭᠡ ᠶᠢᠨ | ᠪᠥᠲᠥᠭᠡᠨ ᠪᠠᠶᠢᠭᠤᠯᠤᠯᠲᠠ ᠵᠢᠴᠢ ᠬᠤᠭ ᠨᠣᠪᠰᠢ ᠶᠢ ᠲᠥᠷᠥᠯ ᠬᠤᠪᠢᠶᠠᠬᠤ ᠲᠡᠷᠭᠡ ᠬᠥᠰᠬᠡ᠂ ᠲᠦᠭᠦᠭᠡᠷᠦᠮᠵᠢ ᠶᠢ | ᠳᠣᠭᠢᠷᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠰᠢᠨ᠎ᠡ ᠬᠤᠲᠠ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠶᠢ ᠢᠯᠭᠠᠬᠤ ᠲᠥᠪ ᠢ ᠪᠠᠶᠢᠴᠠᠭᠠᠵᠤ᠂ ᠬᠤᠭ ᠨᠣᠪᠰᠢ ᠶᠢ ᠲᠥᠷᠥᠯ ᠬᠤᠪᠢᠶᠠᠨ | ᠡᠴᠦᠰ ᠤᠨ ᠰᠢᠢᠳᠪᠦᠷᠢᠯᠡᠬᠦ ᠶᠠᠪᠤᠴᠠ ᠵᠢᠴᠢ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠰᠢᠨᠵᠢᠯᠡᠨ | ᠪᠠᠶᠢᠴᠠᠭᠠᠪᠠ᠃ ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠭᠦᠸᠧ ᠴᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠤᠳᠤᠨ ᠳᠡᠳ᠋ ᠲᠣᠭᠤᠷᠢᠭ ᠤᠨ ᠳᠠᠷᠤᠭ᠎ᠠ ᠴᠢᠬᠤᠯᠠᠴᠢᠯᠠᠭᠰᠠᠨ ᠨᠢ | ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠷᠥᠯ ᠬᠤᠪᠢᠶᠠᠬᠤ | ᠠᠵᠢᠯ ᠢ ᠪᠣᠳᠠᠲᠠᠶ ᠨᠠᠶᠢᠲᠠᠪᠤᠷᠢᠵᠢᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ | ᠲᠣᠭᠤᠷᠢᠭ ᠤᠨ ᠠᠵᠢᠯ ᠤᠨ ᠭᠤᠤᠯᠳᠠᠯᠭ᠎ᠠ ᠪᠣᠯ ᠬᠤᠲᠠ ᠶᠢᠨ ᠬᠠᠮᠢᠶᠠᠷᠤᠯᠲᠠ ᠪᠣᠯᠬᠤ ᠲᠤᠯᠠ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠤᠨ ᠪᠣᠳᠠᠲᠠᠶ ᠨᠠᠶᠢᠲᠠᠪᠤᠷᠢᠵᠢᠭᠤᠯᠬᠤ ᠬᠠᠷᠢᠭᠤᠴᠠᠯᠭ᠎ᠠ ᠶᠢ ᠢᠳᠡᠪᠬᠢᠲᠡᠶ ᠭᠦᠢᠴᠡᠳᠭᠡᠨ᠂ | ᠨᠢᠭᠡᠳᠦᠭᠡᠷ ᠬᠠᠷᠢᠭᠤᠴᠠᠯᠭᠠᠲᠠᠨ ᠢᠮᠠᠭᠲᠠ ᠠᠵᠢᠯ ᠢᠶᠠᠨ ᠠᠬᠢᠭᠤᠯᠬᠤ ᠡᠮᠦᠨ᠎ᠡ ᠡᠩᠨᠡᠭᠡᠨ ᠳᠤ ᠵᠣᠭᠰᠣᠵᠤ᠂ | ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠲᠠᠰᠤᠷᠠᠯᠲᠠ ᠤᠢᠭᠡᠢ ᠴᠢᠩᠭᠠᠳᠬᠠᠵᠤ᠂ ᠠᠵᠢᠯ ᠤᠨ ᠠᠬᠢᠴᠠ ᠶᠢ | ᠴᠠᠭ ᠲᠤᠬᠠᠶ ᠳᠤᠨᠢ ᠡᠵᠡᠮᠰᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠴᠠᠭ | ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ | ᠲᠤᠬᠠᠶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠣᠷᠴᠢᠨ ᠲᠤᠭᠤᠷᠢᠨ ᠢ ᠦᠨᠡᠨ ᠬᠦ ᠰᠠᠶᠢᠵᠢᠷᠠᠭᠤᠯᠵᠤ᠂ ᠬᠤᠭ ᠨᠣᠪᠰᠢ ᠶᠢ | ᠲᠦᠷᠦᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ ᠭᠡᠪᠡ᠃ | ᠳᠠᠷᠠᠭ᠎ᠠ ᠠᠯᠬᠤᠮ ᠳᠤ᠂ ᠰᠢᠨ᠎ᠡ ᠬᠤᠲᠠ ᠲᠣᠭᠤᠷᠢᠭ ᠤᠨ ᠲᠥᠷᠥᠯ ᠬᠤᠪᠢᠶᠠᠬᠤ ᠠᠯᠪᠠᠨ ᠭᠡᠷ ᠨᠢ | ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠠᠷᠢᠭᠤᠴᠠᠯᠭ᠎ᠠ ᠶᠢᠨ | ᠵᠤᠭᠰᠤᠴᠠ ᠪᠠᠨ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ | ᠱᠠᠲᠤ ᠡᠯ᠎ᠡ ᠰᠠᠯᠠᠭ᠎ᠠ ᠮᠥᠴᠢᠷ ᠢ ᠨᠢᠭᠲᠠ ᠵᠣᠬᠢᠴᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠵᠠᠰᠠᠯᠲᠠ ᠶᠢᠨ | ᠬᠦᠴᠢᠷ ᠠᠰᠠᠭᠤᠳᠠᠯ ᠢ ᠲᠠᠰᠤᠷᠠᠯᠲᠠ ᠤᠢᠭᠡᠢ ᠰᠢᠢᠳᠪᠦᠷᠢᠯᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠶᠢ ᠠᠵᠢᠯ | ᠲᠥᠷᠥᠯ ᠤᠨ ᠬᠠᠮᠢᠶᠠᠷᠤᠯᠲᠠ ᠠᠴᠠ ᠨᠡᠶᠢᠭᠡᠮ ᠤᠨ ᠬᠠᠮᠢᠶᠠᠷᠤᠯᠲᠠ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ | ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠩᠭᠤᠵᠢᠬᠤ᠂ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ | ᠃ | | | | | | | | |