ᠮᠠᠨ ᠤ ᠬᠤᠲᠠ ᠭᠤᠤᠯᠳᠠᠯᠭ᠎ᠠ ᠲᠠᠢ ᠠᠵᠦ ᠦᠢᠯᠡᠳᠪᠤᠷᠢ ᠶᠢᠨ ᠪᠦᠳᠦᠭᠡᠭᠳᠡᠭᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ ᠳᠦᠪᠰᠢᠨ ᠢ ᠲᠤᠭᠲᠠᠭᠤᠨ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/11/27
    ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ  ︵ᠰᠤᠷᠪᠤᠯᠵᠢᠯᠠᠭᠴᠢ ᠴᠢ ᠰᠢᠶᠤᠤ ᠶᠠᠨ︶ ᠡᠨᠡ ᠵᠢᠯ ᠠᠴᠠ ᠨᠠᠰᠢ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠢᠨᠠᠯᠲᠠ ᠲᠠᠯᠪᠢᠵᠦ ᠰᠤᠭᠤᠴᠠᠨ ᠪᠠᠶᠢᠴᠠᠭᠠᠬᠤ᠂ ᠬᠢᠨᠠᠯᠲᠠ ᠲᠠᠯᠪᠢᠵᠦ  ᠪᠠᠶᠢᠴᠠᠭᠠᠬᠤ᠂ ᠰᠠᠯᠠᠭ᠎ᠠ ᠮᠦᠴᠢᠷ ᠬᠠᠮᠵᠢᠯᠴᠠᠬᠤ᠂ ᠲᠦᠭᠰᠢᠭᠦᠷᠢ  ᠶᠢ ᠡᠵᠡᠮᠳᠡᠬᠦ ᠳᠦᠷᠪᠡᠨ ᠵᠠᠩᠭᠢᠯᠠᠭ᠎ᠠ ᠶᠢ ᠴᠢᠩᠭ᠎ᠠ ᠠᠳᠬᠤᠵᠦ᠂ ᠭᠤᠤᠯᠳᠠᠯᠭ᠎ᠠ ᠲᠠᠢ ᠠᠵᠦ ᠦᠢᠯᠡᠳᠪᠤᠷᠢ ᠶᠢᠨ ᠪᠦᠳᠦᠭᠡᠭᠳᠡᠭᠦᠨ   ᠤ ᠶᠠᠰᠤ  ᠴᠢᠨᠠᠷ ᠤᠨ ᠠᠶᠤᠯᠭᠦᠢ ᠶᠢᠨ ᠬᠢᠷᠢ ᠳᠦᠪᠰᠢᠨ ᠢ ᠲᠤᠭᠲᠠᠭᠤᠨ ᠳᠡᠭᠡᠭᠰᠢᠯᠡᠭᠦᠯᠵᠦ ᠪᠠᠶᠢᠨ᠎ᠠ    ᠭᠠᠷᠴᠠᠭᠯᠠᠭᠰᠠᠨ ᠬᠠᠮᠢᠶᠠᠷᠤᠯᠲᠠ+ ᠬᠢᠨᠠᠯᠲᠠ ᠲᠠᠯᠪᠢᠵᠦ ᠰᠤᠭᠤᠴᠠᠨ ᠪᠠᠶᠢᠴᠠᠭᠠᠬᠤ ᠶᠢ ᠬᠡᠷᠡᠭᠵᠢᠭᠦᠯᠵᠦ᠂ ᠶᠠᠰᠤ ᠴᠢᠨᠠᠷ ᠤᠨ ᠬᠢᠨᠠᠯᠲᠠ ᠪᠠᠶᠢᠴᠠᠭᠠᠯᠲᠠ ᠶᠢᠨ ᠪᠦᠳᠦᠮᠵᠢᠳᠤ ᠴᠢᠨᠠᠷ ᠢ ᠳᠡᠭᠡᠭᠰᠢᠯᠡᠭᠦᠯᠪᠡ᠃ ᠪᠤᠳᠠᠲᠠᠢ ᠲᠠᠢ ᠪᠠᠨ ᠤᠶᠠᠯᠳᠤᠭᠤᠯᠵᠦ᠂ ︽ ᠬᠦᠬᠡᠬᠤᠲᠡ ᠶᠢᠨ ᠭᠤᠤᠯᠳᠠᠯᠭ᠎ᠠ ᠲᠠᠢ ᠠᠵᠦ ᠦᠢᠯᠡᠳᠪᠤᠷᠢ ᠶᠢᠨ ᠪᠦᠳᠦᠭᠡᠭᠳᠡᠭᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ ᠳᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠷᠴᠠᠭ  ︵2020 ᠤᠨ︶︾ ᠢ ᠲᠣᠭᠲᠠᠭᠠᠵᠤ᠂ 12 ᠶᠡᠭᠡ ᠲᠦᠷᠦᠯ 84 ᠪᠠᠭ᠎ᠠ ᠲᠦᠷᠦᠯ ᠤᠨ ᠠᠵᠦ ᠦᠢᠯᠡᠳᠪᠤᠷᠢ ᠶᠢᠨ ᠪᠦᠳᠦᠭᠡᠭᠳᠡᠭᠦᠨ ᠢ ᠭᠠᠷᠴᠠᠭᠯᠠᠨ ᠬᠠᠮᠢᠶᠠᠷᠬᠤ ᠬᠡᠪᠴᠢᠶᠡᠨ ᠳᠤ ᠤᠷᠤᠭᠤᠯᠵᠦ᠂ ᠪᠦᠳᠦᠮᠵᠢᠲᠠᠢ ᠬᠢᠨᠠᠵᠦ ᠬᠠᠮᠢᠶᠠᠷᠤᠭᠰᠠᠨ ᠪᠠᠶᠢᠨ᠎ᠠ᠃ ᠡᠨᠡᠬᠦ ᠰᠠᠭᠤᠷᠢᠨ ᠳᠡᠭᠡᠷ᠎ᠡ ᠪᠠᠨ ᠬᠦᠬᠡᠬᠤᠲᠡ ᠶᠢᠨ 2020 ᠤᠨ ᠤ ᠦᠢᠯᠡᠳᠭᠦᠨ ᠤ ᠶᠠᠰᠤ ᠴᠢᠨᠠᠷ ᠢ ᠬᠢᠨᠠᠵᠦ ᠰᠤᠭᠤᠴᠠᠨ ᠪᠠᠶᠢᠴᠠᠭᠠᠬᠤ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠵᠦ᠂ ᠪᠡᠯᠡᠨ ᠲᠤᠰᠤ᠂ ᠬᠢᠮᠢ ᠶᠢᠨ ᠠᠵᠦ ᠦᠢᠯᠡᠳᠪᠤᠷᠢ ᠶᠢᠨ ᠪᠦᠳᠦᠭᠡᠭᠳᠡᠭᠦᠨ᠂ ᠡᠳᠤᠷ ᠲᠤᠲᠤᠮ ᠤᠨ ᠬᠡᠷᠡᠭᠯᠡᠭᠡᠨ ᠤ ᠪᠤᠳᠠᠰ᠂ ᠪᠠᠷᠢᠯᠭ᠎ᠠ ᠶᠢᠨ ᠴᠢᠮᠡᠭᠯᠡᠯ ᠤᠨ ᠮᠠᠲ᠋ᠧᠷᠢᠶᠠᠯ ᠵᠡᠷᠭᠡ 68 ᠲᠦᠷᠦᠯ ᠤᠨ ᠦᠢᠯᠡᠳᠭᠦᠨ ᠢ ᠰᠤᠭᠤᠴᠠᠨ ᠪᠠᠶᠢᠴᠠᠭᠠᠬᠤ ᠬᠡᠪᠴᠢᠶᠡᠨ ᠳᠤ ᠵᠢᠭᠰᠠᠭᠠᠨ ᠤᠷᠤᠭᠤᠯᠵᠦ᠂ ᠬᠢᠨᠠᠯᠲᠠ ᠬᠢᠵᠦ ᠪᠠᠶᠢᠴᠠᠭᠠᠪᠠ᠃ ᠤᠳᠤ ᠪᠤᠯᠲᠠᠯ᠎ᠠ ᠰᠢᠯᠭᠠᠨ ᠪᠠᠶᠢᠴᠠᠭᠠᠭᠰᠠᠨ ᠲᠦᠷᠦᠯ ᠵᠥᠢᠯ ᠨᠡᠶᠢᠲᠡ437 ᠪᠦᠯᠦᠭ ᠤᠳᠠᠭ᠎ᠠ  ᠳᠤ ᠬᠦᠷᠴᠠᠢ᠃    ᠠᠵᠢᠯ ᠤᠨ ᠵᠢᠯᠤᠭᠤᠳᠤᠯᠭ᠎ᠠ+ ᠬᠢᠨᠠᠵᠦ ᠪᠠᠶᠢᠴᠠᠭᠠᠬᠤ ᠶᠢ ᠬᠡᠷᠡᠭᠵᠢᠭᠦᠯᠵᠦ᠂᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠠᠯᠲᠠᠳᠤ ᠴᠢᠨᠠᠷ ᠢ ᠳᠡᠭᠡᠭᠰᠢᠯᠡᠭᠦᠯᠪᠡ᠃  ︽2020 ᠤᠨ ᠤ ᠠᠵᠦ ᠦᠢᠯᠡᠳᠪᠤᠷᠢ ᠶᠢᠨ ᠪᠦᠳᠦᠭᠡᠭᠳᠡᠭᠦᠨ ᠤ ᠦᠢᠯᠡᠳᠪᠤᠷᠢᠯᠡᠯ ᠤᠨ ᠦᠨᠡᠮᠯᠡᠬᠦ ᠤᠯᠭᠤᠬᠤ ᠪᠠ ᠤᠯᠭᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠦᠯᠦᠪᠯᠡᠭᠡ︾ ᠶᠢ ᠲᠤᠭᠲᠠᠭᠠᠵᠦ᠂ ᠤᠴᠢᠷ ᠶᠠᠪᠤᠳᠠᠯ ᠤᠨ ᠲᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠤᠷᠤᠨ ᠪᠦᠰᠡ ᠶᠢᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ ᠶᠠᠰᠤ ᠴᠢᠨᠠᠷ ᠤᠨ ᠠᠰᠠᠭᠤᠳᠠᠯ ᠭᠠᠷᠬᠤ ᠶᠢ ᠬᠤᠷᠢᠭᠯᠠᠵᠤ᠂ ᠠᠵᠦ ᠦᠢᠯᠡᠳᠪᠤᠷᠢ ᠶᠢᠨ ᠪᠦᠳᠦᠭᠡᠭᠳᠡᠭᠦᠨ ᠤ ᠦᠢᠯᠡᠳᠪᠤᠷᠢᠯᠡᠯ ᠤᠨ ᠦᠨᠡᠮᠯᠡᠬᠦ ᠤᠯᠭᠤᠬᠤ ᠪᠠ ᠤᠯᠭᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨᠬᠦ ᠭᠦᠢᠴᠡᠳ ᠰᠠᠶᠢᠨ ᠬᠢᠪᠡ᠃http://mongol.people.com.cn/15831014.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号