ᠪᠦᠬᠦ ᠤᠷᠤᠨ ᠤ ᠬᠠᠮᠤᠭ ᠠᠩᠬᠠᠨ ᠤ ᠬᠡᠷᠡᠭᠯᠡᠭᠡᠨ ᠤ ᠵᠢᠭᠤᠷᠠᠯᠳᠤᠭᠠᠨ ᠢ ᠡᠶᠡᠲᠡᠬᠦᠯᠬᠦ ᠠᠷᠠᠳ ᠤᠨ ᠡᠶᠡᠳᠡᠭᠦᠯᠬᠦ ᠺᠤᠮᠢᠰ ᠬᠦᠬᠡᠬᠤᠲᠠ ᠳᠤ ᠪᠠᠶᠢᠭᠤᠯᠤᠬᠲᠠᠪᠠ
ᠨᠡᠶᠢᠲᠡᠯᠡᠭᠰᠡᠨ ᠴᠠᠭ᠄
2020/11/27
     ᠬᠦᠬᠡᠬᠤᠲᠠ ᠶᠢᠨ ᠡᠲᠦᠷ ᠤᠨ ᠰᠤᠨᠢᠨ ᠤ ᠮᠡᠲᠡᠭᠡ ︵ᠰᠤᠷᠪᠤᠯᠵᠢᠯᠠᠭᠴᠢ ᠴᠢ ᠰᠢᠶᠤᠤ ᠶᠠᠨ︶  ᠤᠶᠢᠷ᠎ᠠ ᠶᠢᠨ ᠡᠲᠦᠷ᠂   ᠬᠦᠬᠡᠬᠤᠲᠠ ᠶᠢᠨ ᠬᠠᠤᠯᠢ ᠴᠠᠭᠠᠵᠠ ᠶᠢᠨ ᠲᠤᠪᠴᠢᠶ᠎ᠠ ︽ᠬᠦᠬᠡᠬᠤᠲᠠ ᠶᠢᠨ ᠬᠡᠷᠡᠭᠯᠡᠭᠡᠨ ᠤ ᠵᠢᠭᠤᠷᠠᠯᠳᠤᠭᠠᠨ ᠢ ᠡᠶᠡᠲᠡᠬᠦᠯᠬᠦ ᠠᠷᠠᠳ ᠤᠨ ᠡᠶᠡᠳᠡᠭᠦᠯᠬᠦ ᠺᠤᠮᠢᠰ ᠪᠠᠶᠢᠭᠤᠯᠬᠤ ᠶᠢ ᠵᠦᠪᠰᠢᠶᠡᠷᠡᠬᠦ ᠲᠤᠬᠠᠢ ᠴᠣᠬᠤᠯᠠᠪᠤᠷᠢ︾ ᠳᠤ ᠭᠠᠷ ᠤᠨ ᠦᠰᠦᠭ ᠵᠢᠷᠤᠵᠤ᠂  ᠬᠦᠬᠡᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠬᠢᠨ ᠬᠡᠷᠡᠭᠯᠡᠭᠡᠨ ᠤ  ᠵᠢᠭᠤᠷᠠᠯᠳᠤᠭᠠᠨ ᠢ ᠡᠶᠡᠲᠡᠬᠦᠯᠬᠦ ᠠᠷᠠᠳ ᠤᠨ  ᠡᠶᠡᠲᠡᠬᠦᠯᠬᠦ  ᠺᠤᠮᠢᠰ ᠪᠠᠶᠢᠭᠤᠯᠬᠤ ᠶᠢ ᠵᠦᠪᠰᠢᠶᠡᠷᠡᠵᠤ᠂ ᠪᠦᠬᠦ ᠦᠪᠡᠷᠲᠡᠭᠡᠨ ᠵᠠᠰᠠᠬᠤ ᠤᠷᠤᠨ ᠤ ᠬᠡᠷᠡᠭᠯᠡᠭᠴᠢᠳ ᠤᠨ ᠨᠡᠶᠢᠭᠡᠮᠯᠢᠭ ᠤᠨ ᠰᠢᠰᠲ᠋ᠧᠮ ᠳᠤ ᠬᠡᠷᠡᠭᠯᠡᠭᠡᠨ ᠤ ᠵᠢᠭᠤᠷᠠᠯᠳᠤᠭᠠᠨ ᠢ ᠡᠶᠡᠲᠡᠬᠦᠯᠬᠦ ᠠᠶᠢᠮᠠᠭ ᠬᠤᠲᠠ ᠶᠢᠨ ᠲᠡᠰ ᠤᠨ ᠬᠠᠮᠤᠭ ᠠᠩᠬᠠᠨ ᠤ ᠠᠷᠠᠳ ᠤᠨ ᠡᠶᠡᠳᠡᠭᠦᠯᠬᠦ ᠺᠤᠮᠢᠰ ᠪᠤᠯᠪᠠ᠃ ᠡᠨᠡ ᠨᠢ ᠡᠷᠬᠡ ᠠᠰᠢᠭ ᠤᠨ ᠬᠠᠮᠠᠭᠠᠯᠠᠯᠲᠠ ᠶᠢᠨ ᠰᠢᠨ᠎ᠡ ᠶᠢ  ᠡᠬᠦᠳᠬᠦ ᠲᠤᠭᠲᠠᠴᠠ ᠶᠢᠨ ᠬᠦᠴᠦᠲᠡᠢ ᠨᠢᠭᠡ ᠠᠷᠭ᠎ᠠ ᠬᠡᠮᠵᠢᠶ᠎ᠡ ᠪᠤᠯᠬᠤ ᠪᠦᠭᠡᠳ ᠬᠦᠬᠡᠬᠤᠲᠠ ᠶᠢᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠵᠢᠯ ᠰᠢᠨ᠎ᠡ ᠨᠢᠭᠡᠨ ᠲᠡᠭᠲᠡᠷ ᠲᠤ ᠭᠠᠷᠤᠬᠰᠠᠨ ᠢ ᠬᠠᠷᠠᠭᠤᠯᠵᠠᠢ᠃     ᠰᠢᠨ᠎ᠡ ᠪᠠᠶᠢᠲᠠᠯ ᠲᠤᠤᠷᠠᠬᠢ  ᠬᠡᠷᠡᠭᠯᠡᠭᠴᠢᠳ ᠤᠨ ᠡᠷᠬᠡ ᠠᠰᠢᠭ ᠢ ᠬᠠᠯᠠᠭᠠᠯᠠᠬᠤ ᠰᠢᠨ᠎ᠡ ᠠᠷᠭ᠎ᠠ ᠵᠠᠮ ᠢ ᠤᠯᠠᠮ ᠴᠢᠨᠠᠭᠰᠢᠳᠠ ᠡᠷᠢᠯᠬᠢᠯᠡᠨ᠂ ᠠᠷᠠᠳ ᠤᠨ ᠡᠶᠡᠳᠡᠭᠦᠯᠬᠦ ᠠᠵᠢᠯ ᠤᠨ ᠬᠡᠷᠡᠭᠯᠡᠭᠡᠨ ᠤ ᠵᠢᠭᠤᠷᠠᠯᠳᠤᠭᠠᠨ ᠢ ᠰᠢᠢᠳᠪᠦᠷᠢᠯᠡᠬᠦ ᠦᠢᠯᠡᠲᠦᠯ ᠢ  ᠪᠠᠲᠠᠷᠠᠭᠤᠯᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ ᠬᠡᠷᠡᠭᠯᠡᠭᠴᠢᠳ ᠤᠨ ᠨᠡᠶᠢᠭᠡᠮᠯᠢᠭ  ᠤᠨ ᠨᠠᠷᠢᠨ ᠬᠢᠨᠠᠮᠠᠭᠠᠢ ᠵᠢᠯᠤᠭᠤᠲᠤᠯᠭ᠎ᠠ ᠪᠠ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠶᠢᠨ ᠲᠦᠯᠬᠢᠴᠡ ᠪᠡ ᠲᠡᠮᠵᠢᠯᠭᠡ ᠪᠠᠷ᠂  ᠬᠠᠤᠯᠢ ᠴᠠᠭᠠᠵᠠ ᠶᠢᠨ ᠶᠠᠮᠤᠨ ᠤ ︽ᠠᠷᠠᠳ ᠤᠨ ᠡᠶᠡᠳᠡᠭᠦᠯᠬᠦ ᠠᠵᠢᠯ ᠤᠨ ᠲᠤᠬᠠᠢ ᠲᠤᠭᠲᠠᠭᠠᠯ ᠨᠦᠭᠦᠳ︾ ᠢ ᠦᠨᠲᠦᠰᠦᠯᠡᠨ᠂ ᠬᠦᠬᠡᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ   ᠤᠨ ᠬᠢᠨ ᠬᠡᠷᠡᠭᠯᠡᠭᠡᠨ ᠤᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠺᠤᠮᠢᠰ ᠢ ᠪᠠᠶᠢᠭᠤᠯᠵᠤ᠂ ︽ᠪᠦᠬᠦᠲᠡ ᠨᠠᠶᠢᠷᠠᠮᠲᠠᠬᠤ ᠲᠤᠮᠲᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ  ᠬᠠᠮᠠᠭᠠᠯᠠᠬᠤ ᠬᠠᠤᠯᠢ︾ ᠶᠢᠨ 37 ᠳ᠋ᠤᠭᠠᠷ ᠵᠦᠢᠯ ᠳᠠᠬᠢ ᠬᠡᠷᠡᠭᠯᠡᠭᠴᠢᠳ ᠤᠨ ᠨᠡᠶᠢᠭᠡᠮᠯᠢᠭ ᠤᠨ ᠬᠠᠤᠯᠢ ᠳᠤ ᠲᠤᠭᠲᠠᠬᠰᠠᠨ ᠲᠤᠰᠢᠶᠠᠯ ᠴᠢᠲᠠᠮᠵᠢ ᠶᠢ  ᠬᠡᠷᠡᠭᠵᠢᠬᠦᠯᠬᠦ ᠪᠤᠯᠤᠨ᠎ᠠ᠃      ᠬᠦᠬᠡᠬᠤᠲᠠ ᠶᠢᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠬᠦᠬᠡᠬᠤᠲᠠ ᠶᠢᠨ ᠬᠠᠤᠯᠢ ᠴᠠᠭᠠᠵᠠ ᠶᠢᠨ ᠲᠤᠪᠴᠢᠶ᠎ᠠ᠂ ᠬᠦᠬᠡᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠬᠢᠨ ᠬᠠᠮᠲᠤᠷᠠᠨ‌ᠤᠶᠢᠷ᠎ᠠ ᠳᠤ ᠪᠦᠬᠦ ᠬᠤᠲᠠ ᠶᠢᠨ  ᠡᠯ᠎ᠡ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠲᠠᠯᠳᠤᠭᠠᠨ ᠤ ᠡᠷᠦᠬᠡ᠂ ᠦᠷᠭᠡᠨ ᠤᠯᠠᠨ ᠬᠡᠷᠡᠭᠯᠡᠭᠴᠢᠳ ᠲᠤ ︽ᠬᠦᠬᠡᠬᠤᠲᠠ ᠶᠢᠨ ᠬᠡᠷᠡᠭᠯᠡᠭᠴᠢᠳ ᠤᠨ ᠵᠢᠭᠤᠷᠠᠯᠳᠤᠭᠠᠨ ᠢ ᠡᠶᠡᠲᠡᠬᠦᠯᠬᠦ ᠠᠷᠠᠳ ᠤᠨ ᠡᠶᠡᠳᠡᠭᠦᠯᠬᠦ ᠺᠤᠮᠢᠰ ᠪᠠᠶᠢᠭᠤᠯᠬᠤ ᠲᠤᠬᠠᠢ  ᠮᠡᠲᠡᠭᠲᠡᠯ︾ ᠪᠠᠭᠤᠯᠭᠠᠵᠤ᠂ ︽ᠬᠦᠬᠡᠬᠤᠲᠠ ᠶᠢᠨ ᠬᠡᠷᠡᠭᠯᠡᠭᠴᠢᠳ ᠤᠨ ᠵᠢᠭᠤᠷᠠᠯᠳᠤᠭᠠᠨ ᠢ ᠡᠶᠡᠲᠡᠬᠦᠯᠬᠦ ᠠᠷᠠᠳ ᠤᠨ ᠡᠶᠡᠳᠡᠭᠦᠯᠬᠦ ᠬᠢᠭᠡᠳ ᠵᠠᠰᠠᠭ ᠵᠠᠬᠢᠷᠭᠠᠨ ᠤ ᠡᠶᠡᠳᠡᠭᠦᠯᠬᠦ ᠬᠤᠯᠪᠤᠭᠠᠯᠠᠨ ᠬᠦᠲᠡᠯᠬᠦ ᠠᠵᠢᠯ ᠤᠨ ᠲᠤᠭᠲᠠᠴᠠ︾ ᠪᠠ ︽ᠬᠦᠬᠡᠬᠤᠲᠠ ᠶᠢᠨ  ᠬᠡᠷᠡᠭᠯᠡᠭᠴᠢᠳ ᠤᠨ ᠵᠢᠭᠤᠷᠠᠯᠳᠤᠭᠠᠨ ᠢ ᠡᠶᠡᠲᠡᠬᠦᠯᠬᠦ ᠠᠷᠠᠳ ᠤᠨ ᠡᠶᠡᠳᠡᠭᠦᠯᠬᠦ ᠺᠤᠮᠢᠰ ᠤᠨ ᠬᠦᠯᠢᠶᠡᠨ ᠠᠪᠬᠤ ᠬᠦᠷᠢᠶ᠎ᠡ ᠬᠡᠪᠴᠢᠶ᠎ᠡ ᠵᠢᠴᠢ ᠠᠶᠠᠲᠠᠬᠦᠯᠬᠦ ᠲᠡᠰ ᠲᠠᠷᠠᠭᠠᠯᠠᠯ︾  ᠢ ᠲᠤᠭᠲᠠᠭᠠᠵᠤ  ︽ᠬᠠᠤᠯᠢ ᠴᠠᠭᠠᠵᠠ ᠳᠤ ᠵᠤᠯᠭᠠᠭᠤᠯᠬᠤ︾ ᠬᠤᠯᠪᠤᠭᠠᠯᠠᠨ ᠬᠦᠲᠡᠯᠬᠦ ᠲᠤᠭᠲᠠᠴᠠ ᠪᠠᠶᠢᠭᠤᠯᠤᠨ᠂ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ ᠶᠢᠨ  ᠪᠠᠶᠢᠭᠤᠯᠤᠯᠲᠠ ᠶᠢ ᠢᠲᠢᠪᠬᠢᠲᠡᠢ ᠪᠠᠷ ᠠᠬᠢᠭᠤᠯᠵᠤ᠂ ᠵᠦᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠨ᠂ ᠬᠦᠨᠲᠦ ᠶᠡᠭᠡ᠂ ᠡᠭᠡᠲᠡᠷᠡᠭᠡᠨ ᠪᠤᠳᠤᠯᠢᠶᠠᠨ ᠲᠠᠢ᠂ ᠶᠠᠷᠰᠢᠭ ᠲᠦᠪᠡᠭᠲᠡᠢ  ᠵᠦᠷᠢᠴᠡᠯ ᠵᠢᠭᠤᠷᠠᠯᠳᠤᠭᠠᠨ ᠤ ᠲᠡᠶᠢᠯᠦᠩᠭᠦᠢ  ᠶᠢ ᠨᠢ  ᠦᠨᠲᠦᠰᠦᠨ ᠱᠠᠳᠤᠨ ᠳᠤᠨᠢ ᠴᠠᠭ ᠲᠤᠬᠠᠢ ᠳᠤᠨᠢ ᠰᠢᠢᠳᠪᠦᠷᠢᠯᠡᠵᠦ᠂  ᠴᠤᠬᠤᠶᠢᠬᠤ ᠪᠠᠶᠢᠲᠠᠯ ᠳᠤᠨᠢ ᠰᠢᠢᠳᠪᠦᠷᠢᠯᠡᠬᠦ ᠪᠠᠷ ᠴᠢᠷᠮᠠᠶᠢᠵᠤ ᠪᠤᠢ᠃ http://mongol.people.com.cn/15831016.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号