︽ᠬᠥᠬᠡᠬᠤᠲᠠ ᠶᠢᠨ ᠬᠤᠲᠠ ᠶᠢᠨ ᠵᠢᠮᠲᠤ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/11/27
      ᠨᠢᠭᠡ᠂ ᠲᠣᠭᠲᠠᠭᠠᠭᠰᠠᠨ ᠠᠬᠤᠶ ᠪᠠᠶᠢᠳᠠᠯ ᠪᠠ ᠴᠢᠬᠤᠯᠠ ᠴᠢᠨᠠᠷ       ᠬᠤᠲᠠ ᠶᠢᠨ ᠵᠢᠮᠲᠦ ᠵᠠᠮ ᠬᠠᠷᠢᠯᠴᠠᠭ᠎ᠠ ᠨᠢ ᠲᠦᠷᠭᠡᠨ᠂  ᠴᠠᠭ ᠶᠤᠰᠤᠭᠠᠷ᠂  ᠵᠥᠭᠡᠭᠡᠪᠦᠷᠢ ᠶᠢᠨ ᠬᠡᠮᠵᠢᠶ᠎ᠡ ᠶᠡᠭᠡ ᠵᠡᠷᠭᠡ ᠣᠨᠴᠠᠯᠢᠭ ᠲᠠᠢ ᠪᠠᠶᠢᠵᠤ᠂ ᠲᠠᠷᠠᠬᠠᠶ ᠪᠤᠲᠠᠷᠬᠠᠶ ᠶᠠᠪᠤᠵᠤ ᠰᠠᠭᠤᠬᠤ ᠠᠷᠭ᠎ᠠ ᠮᠠᠶ᠋ᠢᠭ ᠢ ᠲᠥᠪᠯᠡᠷᠡᠭᠦᠯᠬᠦ ᠶᠢ ᠪᠡᠶᠡᠯᠡᠭᠦᠯᠵᠦ᠂ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠤᠯᠬᠤ᠂ ᠶᠠᠪᠤᠵᠤ ᠰᠠᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠮᠠᠨ ᠤ ᠬᠤᠲᠠ ᠶᠢᠨ ᠵᠢᠮᠲᠦ ᠵᠠᠮ ᠬᠠᠷᠢᠯᠴᠠᠭᠠᠨ ᠤ 1 ᠳ᠋ᠤᠭᠡᠷ ᠱᠤᠭᠤᠮ᠂ 2 ᠳ᠋ᠤᠭᠠᠷ ᠱᠤᠭᠤᠮ ᠲᠣᠰ ᠲᠣᠰ 2019 ᠣᠨ ᠤ 12 ᠳ᠋ᠤᠭᠠᠷ ᠰᠠᠷ᠎ᠠ ᠶᠢᠨ ᠰᠡᠭᠦᠯᠴᠢ᠂ 2020 ᠣᠨ ᠤ 10 ᠳ᠋ᠤᠭᠠᠷ ᠰᠠᠷ᠎ᠠ ᠶᠢᠨ ᠡᠬᠢ ᠪᠠᠷ ᠨᠡᠪᠲᠡᠷᠡᠵᠦ ᠡᠬᠢᠨ ᠤ ᠬᠤᠭᠤᠴᠠᠭᠠᠨ ᠤ ᠠᠰᠢᠭᠯᠠᠯᠲᠠ ᠳᠤ ᠣᠷᠣᠪᠠ᠃ ᠮᠧᠲᠷᠤ᠋ ᠶᠢᠨ ᠡᠵᠡᠩᠨᠡᠯᠲᠡ ᠶᠢᠨ ᠰᠢᠰᠲ᠋ᠧᠮ ᠤᠨ ᠪᠤᠳᠤᠯᠢᠶᠠᠨᠲᠤ ᠴᠢᠨᠠᠷ ᠪᠠ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠬᠤᠯᠠ ᠴᠢᠨᠠᠷ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ᠂ ᠵᠠᠮ ᠲᠡᠭᠡᠭᠡᠪᠦᠷᠢ ᠶᠢᠨ ᠶᠠᠮᠤᠨ ᠮᠧᠲᠷᠤ᠋ ᠶᠢᠨ ᠡᠵᠡᠩᠨᠡᠯᠲᠡ ᠶᠢᠨ ᠬᠤᠯᠪᠤᠭᠳᠠᠯ ᠪᠥᠬᠦᠶ ᠲᠠᠯ᠎ᠠ ᠶᠢᠨ ᠬᠠᠤᠯᠢ ᠲᠣᠭᠲᠠᠭᠠᠯᠲᠠ ᠨᠡᠯᠢᠶᠡᠳ ᠪᠦᠷᠢᠨ ᠲᠡᠭᠦᠯᠳᠡᠷ ᠪᠠᠶᠢᠵᠤ᠂ ᠡᠯ᠎ᠡ ᠲᠥᠷᠥᠯ ᠤᠨ ᠠᠷᠭ᠎ᠠ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠭᠰᠡᠨ ᠪᠠᠶᠢᠨ᠎ᠠ᠃ ᠮᠠᠨ ᠤ ᠬᠤᠲᠠ ᠶᠢᠨ ᠮᠧᠲᠷᠤ᠋ ᠶᠢᠨ ᠱᠤᠭᠤᠮ  ᠵᠠᠯᠭᠠᠪᠡᠷ ᠨᠡᠪᠲᠡᠷᠡᠨ ᠠᠵᠢᠯᠯᠠᠬᠤ ᠶᠢ ᠳᠠᠭᠠᠯᠳᠤᠨ᠂ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠵᠡᠩᠨᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ  ᠳᠡᠭᠡᠭᠰᠢᠯᠡᠭᠦᠯᠦᠨ᠂  ᠬᠤᠯᠪᠤᠭᠳᠠᠯ ᠪᠦᠬᠦᠢ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠨᠢ ᠲᠦᠢᠯ ᠤᠨ ᠴᠢᠬᠤᠯᠠ ᠶᠤᠮ᠃ ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠵᠢᠴᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯᠯᠠᠭ᠎ᠠ ᠳᠤ ᠣᠷᠣᠯᠴᠠᠬᠤ ᠡᠯ᠎ᠡ ᠲᠠᠯ᠎ᠠ ᠶᠢᠨ ᠭᠤᠣᠯ ᠴᠣᠭᠴᠠ᠂ ᠲᠤᠬᠠᠶᠢᠯᠠᠪᠠᠯ ᠬᠡᠷᠡᠭᠴᠡᠭᠡ ︵ᠠᠶᠠᠨᠴᠢᠳ︶᠂ ᠬᠠᠩᠭᠠᠯᠭ᠎ᠠ ︵ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠨᠢᠭᠡᠴᠡ︶ ᠪᠠ ᠬᠢᠨᠠᠯᠲᠠ ᠬᠠᠮᠢᠶᠠᠷᠤᠯᠲᠠ ︵ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ︶ ᠶᠢᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠠᠲᠤᠯᠠᠨ᠎ᠠ᠃ ᠬᠤᠶᠠᠷ ᠲᠤ ᠡᠮᠬᠢ ᠵᠢᠷᠤᠮ ᠲᠠᠢ ᠪᠠᠷ ᠨᠢᠭᠡᠳᠦᠯᠲᠡᠶ ᠲᠥᠯᠥᠪᠵᠢᠭᠦᠯᠵᠦ᠂ ᠪᠥᠲᠥᠭᠡᠨ ᠪᠠᠶᠢᠭᠤᠯᠬᠤ ᠪᠠ ᠡᠵᠡᠩᠨᠡᠵᠦ᠂ ᠠᠮᠤᠷ ᠲᠦᠪᠰᠢᠨ ᠤ ᠲᠦᠭᠰᠢᠭᠦᠷᠢ ᠶᠢᠨ ᠡᠮᠦᠨᠡᠬᠢ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂  ᠵᠢᠮᠲᠣ ᠵᠠᠮ ᠬᠠᠷᠢᠯᠴᠠᠭᠠᠨ ᠤ ᠶᠠᠪᠤᠵᠤ ᠰᠠᠭᠤᠬᠤ ᠳᠥᠭᠦᠮ ᠳᠥᠲᠡ  ᠦᠢᠯᠡᠴᠢᠯᠡᠭᠡ  ᠶᠢ ᠬᠠᠩᠭᠠᠨ᠎ᠠ᠃ ᠭᠤᠷᠪᠠ ᠳᠤ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠨᠢᠭᠡᠳᠬᠡᠵᠦ᠂ ᠪᠦᠷᠢᠨ ᠲᠦᠬᠦᠷ ᠠᠵᠢᠯᠯᠠᠬᠤ᠂ ᠬᠠᠮᠢᠶᠠᠷᠬᠤ᠂ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠵᠤ᠂ ᠵᠢᠮᠳᠤ ᠵᠠᠮ ᠬᠠᠷᠢᠯᠴᠠᠭᠠᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠬᠡᠪ ᠤᠨ ᠡᠵᠡᠩᠨᠡᠯᠲᠡ ᠶᠢ ᠪᠠᠲᠤᠯᠠᠨ᠎ᠠ᠃      ᠬᠤᠶᠠᠷ᠂ ᠲᠣᠭᠲᠠᠭᠠᠭᠰᠠᠨ ᠦᠨᠳᠦᠰᠦᠯᠡᠯ       ᠭᠤᠤᠯᠳᠠᠭᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ︽ᠤᠯᠤᠰ ᠤᠨ ᠬᠤᠲᠠ ᠶᠢᠨ ᠵᠢᠮᠲᠤ ᠵᠠᠮ ᠬᠠᠷᠢᠯᠴᠠᠭᠠᠨ ᠤ ᠡᠵᠡᠩᠨᠡᠯᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠭᠠᠬᠤ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ  ᠲᠢᠩᠭᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ︹ 2015 ︺ 32 ᠳ᠋ᠤᠭᠠᠷ ᠲᠣᠭᠠᠲᠤ︶᠂ ︽ᠬᠤᠲᠠ ᠶᠢᠨ ᠵᠢᠮᠲᠤ ᠵᠠᠮ ᠬᠠᠷᠢᠯᠴᠠᠭᠠᠨ ᠤ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2018 ︺ 13 ᠳ᠋ᠤᠭᠠᠷ ᠲᠣᠭᠠᠲᠤ︶᠂ ︽ᠬᠤᠲᠠ ᠶᠢᠨ ᠵᠢᠮᠲᠤ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2018 ᠣᠨ ᠤ 8 ᠳ᠋ᠤᠭᠠᠷ ᠲᠣᠭᠠᠲᠤ︶᠂ ︽ᠬᠤᠲᠠ ᠶᠢᠨ ᠵᠢᠮᠲᠤ ᠵᠠᠮ ᠬᠠᠷᠢᠯᠴᠠᠭᠠᠨ ᠤ ᠡᠬᠢᠨ ᠤ ᠬᠤᠭᠤᠴᠠᠭᠠᠨ ᠤ ᠡᠵᠡᠩᠨᠡᠯᠲᠡ ᠠᠴᠠ ᠡᠮᠦᠨᠡᠬᠢ ᠠᠮᠤᠷ ᠲᠦᠪᠰᠢᠨ ᠢ ᠦᠨᠡᠯᠡᠨ ᠵᠢᠱᠢᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠭᠠᠯ ︹ 2019 ︺ 1 ᠳ᠋ᠤᠭᠡᠷ ᠲᠣᠭᠠᠲᠤ︶᠂ ︽ᠬᠤᠲᠠ ᠶᠢᠨ ᠵᠢᠮᠲᠣ ᠵᠠᠮ ᠬᠠᠷᠢᠯᠴᠠᠭ᠎ᠠ ᠶᠢᠨ ᠵᠢᠩᠬᠢᠨᠢ ᠡᠵᠡᠩᠨᠡᠯᠲᠡ ᠠᠴᠠ ᠡᠮᠦᠨᠡᠬᠢ ᠪᠠ ᠡᠵᠡᠩᠨᠡᠯᠲᠡ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠦᠨᠡᠯᠡᠨ ᠵᠢᠱᠢᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠭᠠᠯ ︹ 2019 ︺ 16 ᠳ᠋ᠤᠭᠠᠷ ᠲᠣᠭᠠᠲᠤ᠂ ︽ᠬᠤᠲᠠ ᠶᠢᠨ ᠵᠢᠮᠲᠦ ᠵᠠᠮ ᠬᠠᠷᠢᠯᠴᠠᠭ᠎ᠠ ᠲᠡᠭᠡᠭᠡᠪᠦᠷᠢ ᠶᠢᠨ ᠡᠵᠡᠩᠨᠡᠯᠲᠡ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠦᠨᠡᠯᠡᠨ ᠵᠢᠱᠢᠬᠦ ᠵᠢᠷᠤᠮᠵᠢᠯ︾ ︵ᠵᠠᠮ ᠬᠠᠷᠢᠯᠴᠠᠭ᠎ᠠ ᠲᠡᠭᠡᠭᠡᠪᠦᠷᠢ ︹ 2019 ︺ 84 ᠳ᠋ᠤᠭᠡᠷ ᠲᠣᠭᠠᠲᠤ︶ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠃ ᠡᠭᠦᠨ ᠤ ᠬᠠᠮᠲᠤ᠂ ᠤᠯᠤᠰ ᠤᠨ ᠳᠣᠲᠣᠭᠠᠳᠤ ᠶᠢᠨ  ᠵᠢᠮᠲᠦ ᠵᠠᠮ ᠬᠠᠷᠢᠯᠴᠠᠭ᠎ᠠ ᠶᠢ ᠨᠡᠪᠲᠡᠷᠡᠭᠦᠯᠦᠭᠰᠡᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠪᠠ᠃       ᠭᠤᠷᠪᠠ᠂ ᠭᠤᠣᠯ ᠠᠭᠤᠯᠭ᠎ᠠ       ︽ᠬᠥᠬᠡᠬᠤᠲᠠ ᠶᠢᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ᠳᠤ ᠶᠡᠷᠦᠩᠬᠡᠶ ᠲᠦᠷᠢᠮ᠂ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠬᠠᠤᠯᠢ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠲᠦᠷᠢᠮ ᠵᠡᠷᠭᠡ ᠵᠢᠷᠭᠤᠭᠠᠨ ᠪᠦᠯᠦᠭ ᠳᠥᠴᠢᠨ ᠨᠠᠢᠮᠠᠨ ᠵᠦᠢᠯ ᠤᠨ ᠠᠭᠤᠯᠭ᠎ᠠ ᠶᠢ ᠲᠣᠭᠲᠠᠭᠠᠪᠠ᠄       ︵ᠨᠢᠭᠡ︶  ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠦᠢᠯᠡᠴᠢᠯᠡᠭᠡᠨ ᠤ ᠲᠤᠬᠠᠶ᠃ ᠬᠤᠲᠠ ᠶᠢᠨ ᠵᠢᠮᠲᠦ ᠵᠠᠮ ᠬᠠᠷᠢᠯᠴᠠᠭᠠᠨ ᠤ ᠰᠢᠰᠲ᠋ᠧᠮ ᠳᠠᠪᠠᠭᠤᠯᠢᠭ ᠢᠶᠠᠨ ᠪᠦᠲᠦᠮᠵᠢᠲᠡᠶ ᠪᠠᠳᠠᠷᠠᠭᠤᠯᠵᠤ ᠴᠢᠳᠠᠬᠤ ᠡᠰᠡᠬᠦ ᠨᠢ ᠠᠶᠠᠨᠴᠢᠳ ᠲᠤ ᠠᠮᠤᠷ ᠲᠦᠪᠰᠢᠨ᠂ ᠲᠦᠷᠭᠡᠨ᠂ ᠲᠥᠬᠦᠮ᠂ ᠲᠠᠭᠠᠯᠠᠮᠵᠢᠲᠠᠶ ᠶᠠᠪᠤᠵᠤ ᠰᠠᠭᠤᠬᠤ ᠦᠢᠯᠡᠴᠢᠯᠡᠭᠡ ᠬᠠᠩᠭᠠᠵᠤ ᠴᠢᠳᠠᠬᠤ ᠡᠰᠡᠬᠦ ᠪᠠᠷ ᠲᠣᠭᠳᠠᠭᠠᠭᠳᠠᠨ᠎ᠠ᠃ ᠬᠤᠶᠠᠳᠤᠭᠠᠷ ᠪᠦᠯᠦᠭ ᠲᠤ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠦᠢᠯᠡᠴᠢᠯᠡᠭᠡᠨ ᠤ ᠵᠢᠷᠤᠮᠵᠢᠯ᠂ ᠠᠶᠠᠨᠴᠢᠳ ᠤᠨ ᠲᠡᠷᠭᠡᠨ ᠳᠤ ᠰᠠᠭᠤᠬᠤ ᠵᠢᠷᠤᠮᠵᠢᠯ ᠢ ᠲᠣᠭᠲᠠᠭᠠᠬᠤ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠦᠢᠯᠡᠴᠢᠯᠡᠬᠦ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠦᠷᠢᠮ ᠢ ᠪᠠᠶᠢᠭᠤᠯᠬᠤ᠂ ᠠᠶᠠᠨᠴᠢᠳ ᠤᠨ  ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ ᠵᠡᠷᠭᠡ ᠲᠠᠯ᠎ᠠ ᠪᠠᠷ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠦᠢᠯᠡᠴᠢᠯᠡᠭᠡ ᠳᠤ ᠦᠨᠳᠦᠰᠦᠨ ᠱᠠᠭᠠᠷᠳᠠᠯᠭ᠎ᠠ ᠳᠤᠷᠠᠳᠪᠠ︔ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠭᠤᠤᠯᠳᠠᠯᠭ᠎ᠠ ᠨᠢ ᠲᠡᠷᠭᠡ ᠶᠢ ᠵᠣᠬᠢᠶᠠᠨ ᠪᠠᠶᠢᠭᠤᠯᠬᠤ ᠳᠤ ᠪᠣᠶ᠂ ᠲᠡᠷᠭᠡ ᠶᠢ ᠵᠣᠬᠢᠶᠠᠨ ᠪᠠᠶᠢᠭᠤᠯᠬᠤ ᠵᠦᠶ ᠵᠣᠬᠢᠰᠲᠠᠶ ᠲᠣᠭᠲᠠᠴᠠ ᠨᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠨ᠎ᠠ᠂ ᠠᠷᠭ᠎ᠠ ᠳᠤ ᠡᠵᠡᠩᠨᠡᠯᠲᠡ ᠶᠢᠨ ᠠᠵᠤ ᠠᠬᠤᠶᠢᠯᠠᠯ ᠤᠨ ᠲᠡᠷᠭᠡ ᠶᠢ ᠵᠣᠬᠢᠶᠠᠨ  ᠪᠠᠶᠢᠭᠤᠯᠬᠤ ᠦᠢᠯᠡᠴᠢᠯᠡᠭᠡ ᠶᠢᠨ ᠲᠠᠯ᠎ᠠ ᠪᠠᠷ ᠬᠢ ᠦᠨᠳᠦᠰᠦᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ︔ ᠡᠭᠦᠨ ᠤ ᠬᠠᠮᠲᠤ ᠡᠵᠡᠩᠨᠡᠯᠲᠡ ᠶᠢᠨ ᠨᠢᠭᠡᠴᠡ ᠶᠢᠨ ᠬᠠᠩᠭᠠᠬᠤ ᠶᠣᠰᠣᠲᠠᠶ ᠮᠡᠳᠡᠭᠡ ᠵᠠᠩᠭᠢ ᠶᠢᠨ ᠦᠢᠯᠡᠴᠢᠯᠡᠭᠡᠨ ᠤ ᠠᠭᠤᠯᠭ᠎ᠠ ᠪᠠ ᠠᠷᠭ᠎ᠠ ᠮᠠᠶ᠋ᠢᠭ ᠵᠢᠴᠢ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠮᠡᠷᠭᠡᠵᠢᠯ ᠤᠨ ᠠᠷᠭ᠎ᠠ ᠪᠠᠷᠢᠯ ᠢ ᠲᠣᠭᠲᠠᠭᠠᠵᠤ᠂ ᠡᠵᠡᠩᠨᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠪᠡ᠃       ︵ᠬᠤᠶᠠᠷ︶ ᠠᠶᠤᠯᠭᠦᠶ ᠶᠢᠨ ᠪᠠᠲᠤᠯᠠᠭ᠎ᠠ ᠶᠢᠨ ᠲᠤᠬᠠᠶ ᠲᠣᠭᠲᠠᠭᠠᠯ᠃ ᠭᠤᠷᠪᠠᠳᠤᠭᠠᠷ ᠪᠦᠯᠦᠭ ᠲᠤ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ᠂ ᠤᠯᠠᠨ ᠨᠡᠶᠢᠲᠡ ᠶᠢᠨ ᠴᠠᠭᠠᠵᠠᠯᠠᠬᠤ ᠴᠢᠨᠠᠷᠲᠠᠶ ᠦᠢᠯᠡ ᠠᠵᠢᠯᠯᠠᠭ᠎ᠠ ᠵᠡᠷᠭᠡ ᠲᠠᠯ᠎ᠠ ᠠᠴᠠ ᠠᠮᠤᠷ ᠲᠦᠪᠰᠢᠨ ᠤ ᠪᠠᠲᠤᠯᠠᠭ᠎ᠠ ᠶᠢᠨ ᠱᠠᠭᠠᠷᠳᠠᠯᠭ᠎ᠠ ᠶᠢ ᠲᠣᠭᠲᠠᠭᠠᠪᠠ᠃ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ᠂ ᠡᠵᠡᠩᠨᠡᠯᠲᠡ ᠶᠢᠨ ᠨᠢᠭᠡᠴᠡ ᠡᠵᠡᠩᠨᠡᠯᠲᠡ ᠶᠢᠨ ᠠᠮᠤᠷ ᠲᠦᠪᠰᠢᠨ ᠤ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠦᠷᠢᠮ ᠢ ᠲᠡᠭᠦᠯᠳᠡᠷᠵᠢᠬᠦᠯᠬᠦ ᠬᠡᠷᠡᠭᠲᠡᠢ ᠪᠦᠭᠡᠳ ᠵᠢᠮᠲᠦ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠤ ᠲᠣᠭᠤᠷᠢᠨ ᠪᠠᠶᠢᠴᠠᠭᠠᠵᠤ ᠬᠠᠮᠢᠶᠠᠷᠬᠤ ᠲᠦᠷᠢᠮ ᠵᠡᠷᠭᠡ ᠶᠢ ᠪᠠᠶᠢᠭᠤᠯᠬᠤ  ᠬᠡᠷᠡᠭᠲᠡᠶ ᠭᠡᠵᠦ ᠲᠤᠳᠤᠷᠬᠠᠶᠢᠯᠠᠪᠠ︔ ᠬᠤᠲᠠ ᠶᠢᠨ ᠵᠠᠮ ᠲᠡᠭᠡᠭᠡᠪᠦᠷᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯ ᠵᠢᠮᠲᠤ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠮᠥᠨ᠂ ᠡᠵᠡᠩᠨᠡᠯᠲᠡ ᠶᠢᠨ ᠬᠦᠨᠳᠦ ᠶᠡᠭᠡ ᠳᠠᠯᠳᠠ ᠬᠡᠮ ᠢ ᠵᠠᠰᠠᠬᠤ ᠠᠵᠢᠯ ᠢ ᠰᠢᠮᠳᠠᠭᠤᠯᠤᠨ ᠰᠢᠢᠳᠪᠦᠷᠢᠯᠡᠭᠦᠯᠬᠦ ᠲᠦᠷᠢᠮ ᠢ ᠪᠠᠶᠢᠭᠤᠯᠬᠤ ᠬᠡᠷᠡᠭᠲᠡᠶ ᠭᠡᠵᠦ ᠲᠣᠳᠤᠷᠬᠠᠶᠢᠯᠠᠪᠠ︔ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠣᠯᠠᠨ ᠨᠡᠶᠢᠲᠡ ᠶᠢᠨ ᠠᠮᠤᠷ ᠲᠦᠪᠰᠢᠨ ᠤ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠵᠡᠷᠭᠡ ᠠᠭᠤᠯᠭ᠎ᠠ ᠶᠢ ᠲᠣᠳᠤᠷᠬᠠᠶᠢᠯᠠᠪᠠ᠃ ᠲᠣᠰ ᠠᠷᠭ᠎ᠠ ᠳᠤ ᠪᠠᠰᠠ ᠨᠢᠭᠡᠴᠡ ᠵᠢᠴᠢ ᠬᠤᠪᠢ ᠬᠥᠮᠦᠨ ᠤ ᠵᠢᠮᠲᠤ ᠵᠠᠮ ᠬᠠᠷᠢᠯᠴᠠᠭᠠᠨ ᠤ ᠡᠵᠡᠩᠨᠡᠯᠲᠡ ᠶᠢᠨ ᠲᠠᠯ᠎ᠠ ᠪᠠᠷ ᠬᠢ ᠴᠠᠭᠠᠵᠠᠯᠠᠬᠤ ᠴᠢᠨᠠᠷᠲᠠᠶ ᠦᠢᠯᠡ ᠠᠵᠢᠯᠯᠠᠭ᠎ᠠ ᠶᠢ ᠲᠣᠭᠲᠠᠭᠠᠵᠤ᠂  ᠵᠢᠮᠲᠤ ᠵᠠᠮ ᠬᠠᠷᠢᠯᠴᠠᠭᠠᠨ ᠤ ᠠᠮᠤᠷ ᠲᠦᠪᠰᠢᠨ ᠡᠵᠡᠩᠨᠡᠯᠲᠡ ᠳᠤ ᠪᠠᠲᠤᠯᠠᠭ᠎ᠠ ᠬᠠᠩᠭᠠᠪᠠ᠃       ︵ᠭᠤᠷᠪᠠ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠲᠣᠭᠲᠠᠭᠠᠯ᠃ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠵᠢᠯ ᠪᠣᠯ ᠣᠯᠠᠨ ᠰᠠᠯᠠᠭ᠎ᠠ ᠮᠥᠴᠢᠷ᠂ ᠣᠯᠠᠨ ᠠᠵᠢᠯ ᠲᠥᠷᠥᠯ᠂ ᠡᠯ᠎ᠡ ᠵᠦᠢᠯ ᠤᠨ ᠠᠵᠢᠯ ᠤᠨ ᠬᠤᠭᠤᠷᠣᠨᠳᠣ ᠪᠠᠨ ᠵᠣᠬᠢᠴᠠᠯᠳᠤᠨ ᠬᠠᠮᠵᠢᠯᠴᠠᠭᠰᠠᠨ ᠤ ᠦᠷ᠎ᠡ ᠳ᠋ᠦᠩ ᠮᠥᠨ᠂ ᠪᠠᠴᠢᠮ ᠪᠠᠶᠢᠳᠠᠯ ᠢ ᠠᠷᠭᠠᠴᠠᠭᠠᠬᠤ ᠪᠦᠷᠢᠨ ᠲᠡᠭᠦᠯᠳᠡᠷ ᠪᠠᠲᠤᠯᠠᠭ᠎ᠠ ᠶᠢᠨ ᠰᠢᠰᠲ᠋ᠧᠮᠵᠢ ᠪᠣᠯ ᠡᠵᠡᠩᠨᠡᠯᠲᠡ ᠶᠢ ᠨᠥᠯᠥᠭᠡᠯᠡᠬᠦ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠪᠠᠲᠤᠯᠠᠬᠤ ᠪᠠ  ᠠᠷᠠᠭᠠᠴᠠᠭᠠᠬᠤ ᠴᠢᠬᠤᠯᠠ ᠪᠥᠬᠦᠶ ᠠᠷᠭ᠎ᠠ ᠬᠡᠮᠵᠢᠶ᠎ᠡ ᠮᠥᠨ᠃ ᠳᠥᠷᠪᠡᠳᠦᠭᠡᠷ ᠪᠦᠯᠦᠭ ᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠡᠵᠡᠩᠨᠡᠯᠲᠡ ᠶᠢᠨ ᠭᠡᠨᠡᠳᠲᠡ ᠶᠢᠨ ᠬᠡᠷᠡᠭ ᠢ  ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠳᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ᠂ ᠵᠠᠮ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠳᠤ ᠨᠢᠭᠲᠠ ᠬᠠᠮᠵᠢᠯᠴᠠᠨ ᠰᠠᠶᠢᠲᠤᠷ ᠬᠢᠬᠦ ᠬᠡᠷᠡᠭᠲᠡᠶ︔ ᠬᠤᠳᠠ ᠶᠢᠨ ᠵᠠᠮ ᠲᠡᠭᠡᠭᠡᠪᠦᠷᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠳᠠ ᠶᠢᠨ ᠵᠢᠮᠳᠤ ᠵᠠᠮ ᠬᠠᠷᠢᠯᠴᠠᠭᠠᠨ ᠤ ᠠᠶᠤᠯᠭᠦᠶ ᠡᠵᠡᠩᠨᠡᠯᠲᠡ ᠶᠢᠨ ᠪᠠᠶᠢᠳᠠᠯ ᠤᠨ ᠡᠳᠦᠷ ᠲᠤᠳᠤᠮ ᠤᠨ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠶ︔ ᠡᠵᠡᠩᠨᠡᠯᠲᠡ ᠶᠢᠨ ᠨᠢᠭᠡᠴᠡ ᠨᠢ ᠶᠡᠷᠦᠩᠬᠡᠶᠢᠯᠡᠭᠰᠡᠨ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠲᠥᠰᠦᠯ᠂ ᠲᠤᠰᠬᠠᠶ  ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠠ ᠲᠤᠬᠠᠶ ᠶᠢᠨ ᠲᠠᠯᠠᠪᠤᠷ ᠤᠨ ᠰᠢᠢᠳᠪᠦᠷᠢᠯᠡᠬᠦ ᠲᠥᠰᠦᠯ ᠢ ᠲᠣᠭᠲᠠᠭᠠᠵᠤ᠂  ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠵᠡᠩᠨᠡᠯᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠢ ᠵᠡᠷᠭᠡ ᠠᠭᠤᠯᠭ᠎ᠠ ᠶᠢ ᠲᠤᠭᠠᠲᠠᠭᠠᠪᠠ᠃ ᠡᠭᠦᠨ ᠠᠴᠠ ᠭᠠᠳᠠᠨ᠎ᠠ᠂ ᠠᠷᠭ᠎ᠠ ᠳᠤ ᠪᠠᠰᠠ ᠲᠣᠰ ᠠᠷᠭ᠎ᠠ ᠶᠢᠨ ᠬᠤᠯᠪᠣᠭᠳᠠᠯ ᠪᠥᠬᠦᠶ ᠠᠭᠤᠯᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠡᠭᠦᠷᠭᠡᠯᠡᠬᠦ ᠶᠣᠰᠣᠲᠠᠶ ᠬᠠᠤᠯᠢ ᠶᠢᠨ ᠬᠠᠷᠢᠭᠤᠴᠠᠯᠭ᠎ᠠ ᠶᠢ ᠲᠣᠭᠲᠠᠭᠠᠵᠠᠶ᠃       ᠳᠥᠷᠪᠡ᠂ ᠬᠤᠯᠪᠣᠭᠳᠠᠬᠤ ᠬᠦᠷᠢᠶ᠎ᠡ ᠬᠡᠪᠴᠢᠶ᠎ᠡ       ᠬᠥᠬᠡᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠮᠧᠲᠷᠤ᠋᠂ ᠬᠥᠩᠭᠡᠨ ᠲᠡᠮᠦᠷ ᠵᠠᠮ ᠵᠡᠷᠭᠡ ᠬᠤᠲᠠ ᠶᠢᠨ ᠵᠢᠮᠲᠤ ᠵᠠᠮ ᠬᠠᠷᠢᠯᠴᠠᠭᠠᠨ ᠤ ᠡᠵᠡᠩᠨᠡᠯᠲᠡ ᠵᠢᠴᠢ ᠬᠤᠯᠪᠤᠭᠳᠠᠯ ᠪᠥᠬᠦᠶ ᠬᠠᠮᠢᠶᠠᠷᠤᠯᠲᠠ ᠶᠢᠨ ᠠᠵᠢᠯᠯᠠᠭ᠎ᠠ ᠬᠢᠬᠦ ᠳᠤ ᠳᠣᠭᠢᠷᠠᠨ᠎ᠠ᠃                                  2020 ᠣᠨ ᠤ 11 ᠰᠠᠷ᠎ᠠ ᠶᠢᠨ 23 ᠤ ᠡᠳᠦᠷ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ