ᠥᠪᠥᠷ ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ 11 ᠰᠠᠷ᠎ᠠ ᠶᠢᠨ 1 ᠤ ᠡᠳᠦᠷ ᠤᠨ ᠮᠡᠳᠡᠭᠡ ︵ | ᠰᠣᠷᠪᠣᠯᠵᠢᠯᠠᠭᠴᠢ ᠬᠤᠸᠠᠩ ᠹᠦ᠋ ᠰᠢᠤ ᠯᠢᠩ︶ ᠲᠦᠷᠦᠭᠦᠬᠡᠨ᠂ ᠬᠥᠬᠡᠬᠤᠲᠠ ᠶᠢᠨ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠳᠣᠭᠡᠯ ᠤᠨ ᠦᠵᠡᠭᠦᠯᠦᠯᠭᠡ ᠨᠢ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢᠬᠢ᠂ ᠬᠥᠬᠡᠬᠤᠲᠠ ᠰᠢᠨ᠎ᠡ ᠮᠠᠲ᠋ᠧᠷᠢᠶᠠᠯ᠂ | ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ | ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠦᠷᠢᠶᠡᠨ ᠤ 150 ᠭᠠᠷᠤᠶ ᠵᠣᠶᠢᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢ ᠣᠯᠠᠨ ᠬᠠᠷᠠᠭᠠᠰᠤ᠂ ᠪᠦᠬᠦ ᠲᠠᠯ᠎ᠠ ᠪᠠᠷ ᠲᠡᠯᠭᠡᠨ ᠦᠵᠡᠬᠦᠯᠵᠠᠢ᠃ ᠲᠤᠰ | ᠤᠳᠠᠭᠠᠨ ᠤ ᠦᠵᠡᠭᠦᠯᠦᠯᠭᠡ ᠶᠢᠨ ᠬᠦᠷᠢᠶ᠎ᠡ ᠬᠡᠪᠴᠢᠶ᠎ᠡ ᠥᠷᠭᠡᠨ᠂ ᠭᠡᠷᠡᠯᠳᠤ ᠴᠡᠭ ᠣᠯᠠᠨ᠂ ᠪᠦᠲᠦᠭᠡᠯᠴᠢ | ᠰᠡᠳᠬᠢᠮᠵᠢ ᠪᠠᠶᠠᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠡᠯᠪᠡᠭ ᠪᠠᠶᠢᠵᠤ᠂ ᠡᠯ᠎ᠡ ᠭᠠᠵᠠᠷ ᠤᠨ | ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠮᠡᠷᠭᠡᠵᠢᠯ ᠤᠨ ᠰᠣᠯᠢᠯᠴᠠᠭ᠎ᠠ | ᠬᠠᠮᠲᠤᠷᠠᠯᠴᠠᠭ᠎ᠠ ᠵᠢᠴᠢ ᠮᠡᠷᠭᠡᠵᠢᠯ ᠤᠨ ᠰᠢᠯᠵᠢᠯᠲᠡ ᠤᠯᠠᠷᠢᠯᠲᠠ ᠶᠢ ᠠᠬᠢᠭᠤᠯᠬᠤ ᠂ ᠰᠢᠨ᠎ᠡ ᠣᠶᠢᠯᠡᠳᠬᠦᠨ ᠢ | ᠤᠬᠠᠭᠤᠯᠤᠨ ᠲᠡᠯᠬᠡᠷᠡᠬᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠶ ᠶᠢ ᠪᠤᠢ | ᠪᠣᠯᠭᠠᠬᠤ ᠳᠤ ᠰᠠᠶᠢᠨ ᠰᠠᠶᠢᠬᠠᠨ ᠲᠦᠯᠬᠢᠴᠡ ᠣᠶᠢᠯᠡᠳᠣᠯ ᠦᠵᠡᠬᠦᠯᠬᠦ ᠪᠣᠯᠣᠨ᠎ᠠ᠃ | ᠣᠶᠢᠯᠠᠭᠠᠭᠰᠠᠨ ᠢᠶᠠᠷ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠠᠴᠠ ᠨᠠᠰᠢ᠂ ᠬᠥᠬᠡᠬᠤᠲᠠ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠨᠵᠡᠬᠡᠢ | ᠬᠡᠷᠡᠭᠵᠢᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠣᠭᠤᠷᠢᠨ ᠳᠤ᠂ ᠡᠯ᠎ᠡ ᠵᠣᠶᠢᠯ ᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠨᠠᠶᠢᠳᠠᠪᠣᠷᠢᠭᠤᠯᠵᠣ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠬᠦᠯᠳᠡᠷᠵᠢᠭᠦᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠬᠦᠴᠦᠯᠡᠨ ᠪᠤᠶᠢᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠵᠤ ᠦᠢᠯᠡᠰ ᠤᠨ | ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠬᠤᠲᠠ ᠶᠢᠨ ᠲᠡᠬᠡᠳᠣ ᠰᠢᠨ᠎ᠡ ᠮᠡᠷᠭᠡᠵᠢᠯ ᠤᠨ ᠠᠵᠤ | ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠠᠵᠦ ᠦᠢᠯᠡᠰ ᠤᠨ ᠬᠥᠭᠵᠢᠯᠲᠡ ᠶᠢᠨ ᠠᠯᠬᠤᠴᠠ ᠤᠯᠠᠮ ᠨᠢᠭᠡ ᠠᠯᠬᠤᠮ ᠲᠦᠷᠭᠡᠳᠴᠦ᠂ ᠰᠢᠨ᠎ᠡ ᠶᠢ ᠡᠭᠦᠳᠬᠦ | ᠴᠢᠳᠠᠪᠤᠷᠢ ᠢᠯᠡᠳᠲᠡ ᠲᠡᠭᠡᠭᠰᠢᠯᠡᠵᠥ᠂ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ | ᠴᠢᠩᠭᠠᠷᠠᠪᠠ᠃ ᠪᠦᠬᠦ ᠬᠤᠲᠠ ᠶᠢᠨ ᠲᠡᠭᠡᠳᠣ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠡᠮᠡᠭᠳᠡᠭᠡᠳ 311 ᠪᠣᠯᠵᠤ᠂ | ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠡᠷᠦᠩᠬᠡᠢ ᠲᠣᠭᠠᠨ ᠤ 34% ᠶᠢ ᠡᠵᠡᠯᠡᠪᠡ︔ | ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ | 140 ᠪᠠᠶᠢᠵᠤ᠂ ᠪᠥᠬᠦ ᠣᠷᠣᠨ ᠤ ᠶᠡᠷᠦᠩᠬᠡᠶ ᠲᠣᠭᠠᠨ ᠤ 37% ᠶᠢ ᠡᠵᠡᠯᠡᠪᠡ᠃ ᠣᠯᠣᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠶᠢᠨ 8 ᠱᠠᠩᠨᠠᠯ ᠢ ᠬᠦᠷᠲᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠤ ᠳᠠᠪᠰᠢᠯᠲᠠ ᠶᠢᠨ ᠱᠠᠩᠨᠠᠯ 179 ᠲᠥᠷᠥᠯ ᠪᠠᠶᠢᠵᠤ᠂ ᠱᠠᠩᠨᠠᠯ ᠬᠦᠷᠲᠡᠭᠰᠡᠨ ᠲᠤᠭ᠎ᠠ ᠬᠡᠮᠵᠢᠶ᠎ᠡ ᠨᠢ ︽ | ᠠᠷᠪᠠᠨ ᠬᠤᠶᠠᠳᠤᠭᠠᠷ ᠲᠠᠪᠤᠨ ᠵᠢᠯ︾ ᠤᠨ ᠬᠢ ᠠᠴᠠ 171% ᠪᠠᠷ ᠨᠡᠮᠡᠭᠳᠡᠪᠡ᠃ ᠮᠡᠷᠭᠡᠵᠢᠯ ᠤᠨ ᠭᠡᠷ᠎ᠡ ᠶᠢᠨ | ᠠᠷᠠᠯᠵᠢᠶ᠎ᠠ ᠪᠦᠲᠦᠭᠰᠡᠨ ᠲᠤᠭ᠎ᠠ 55.47 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠮᠡᠷᠭᠡᠵᠢᠯ ᠤᠨ | ᠰᠣᠯᠢᠯᠴᠠᠭᠠᠨ ᠤ ᠲᠤᠭ᠎ᠠ 37.91 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ | ᠶᠡᠷᠦᠩᠬᠡᠶ ᠲᠣᠭᠠᠨ ᠤ 57.14%᠂ 61.42% ᠢ ᠡᠵᠡᠯᠡᠵᠦ᠂ ᠴᠥᠮ ᠪᠥᠬᠦ ᠣᠷᠣᠨ ᠤ ᠲᠡᠷᠢᠭᠦᠨ ᠳᠤ ᠣᠷᠣᠪᠠ᠃ | ᠪᠦᠬᠦ ᠬᠤᠲᠠ ᠳᠤ ᠡᠯ᠎ᠡ ᠱᠠᠲᠤᠨ ᠤ ᠡᠯ᠎ᠡ ᠲᠥᠷᠥᠯ ᠤᠨ ᠰᠢᠨ᠎ᠡ ᠡᠭᠦᠳᠦᠯᠲᠡ ᠶᠢᠨ ᠠᠴᠢᠶᠠᠯᠠᠪᠤᠷᠢ᠂ ᠲᠠᠪᠴᠠᠩ | ᠨᠡᠶᠢᠲᠡ 269 ᠶᠢ ᠪᠠᠶᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ 423 | ᠪᠤᠯᠵᠦ᠂ ᠠᠷᠪᠠᠨ ᠬᠤᠶᠠᠳᠣᠭᠠᠷ ᠲᠠᠪᠤᠨ ᠵᠢᠯ ᠤᠨ ᠲᠥᠯᠥᠪᠵᠢᠭᠦᠯᠭᠡ ᠡᠴᠠᠴᠥ᠋ᠮ 85% ᠠᠴᠠ ᠳᠡᠭᠡᠭᠰᠢ ᠨᠡᠮᠡᠭᠳᠡᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢ ᠨᠢᠭᠡᠨᠲᠡ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠤᠯᠵᠠᠢ᠃ | | | http://mongol.people.com.cn/15828545.html |