ᠸᠠᠩ ᠯᠢ ᠰᠢᠶᠠ ᠡᠷᠬᠢᠯᠡᠪᠡ | ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ | ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠵᠤ᠂ ︽ᠬᠥᠬᠡᠬᠤᠲᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠰᠤᠷᠤᠯᠴᠠᠯᠭ᠎ᠠ ᠤᠬᠠᠭᠤᠯᠤᠨ ᠲᠠᠶᠢᠯᠪᠤᠷᠢᠯᠠᠯᠲᠠ ᠶᠢᠨ ᠲᠤᠰᠬᠠᠢ ᠰᠡᠳᠦᠪᠲᠦ ᠡᠭᠡᠯᠵᠢ ᠶᠢᠨ ᠪᠣᠯᠪᠠᠰᠤᠷᠠᠭᠤᠯᠤᠯ ᠤᠨ | ᠲᠥᠰᠥᠯ︾ ᠢ ᠬᠢᠨᠠᠨ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃ | ᠬᠤᠷᠠᠯ ᠠᠴᠠ ᠵᠢᠭᠠᠭᠰᠠᠨ ᠨᠢ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ | ᠨᠢ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠭᠤᠣᠯᠯᠠᠬᠤ ᠴᠢᠬᠤᠯᠠ ᠠᠭᠤᠯᠭ᠎ᠠ ᠶᠢ | ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠤᠯᠲᠠ ᠶᠢᠨ ᠠᠵᠢᠯ ᠳᠤ | ᠴᠢᠭᠯᠡᠯ ᠬᠠᠷᠠᠯᠲᠠ᠂ ᠴᠢᠬᠤᠯᠠ ᠶᠡᠭᠡ ᠡᠭᠦᠷᠭᠡ ᠶᠢ ᠵᠢᠭᠠᠨ ᠥᠭᠴᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠳᠤ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ | ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠢᠰᠲ᠋ᠧᠮ ᠲᠠᠢ | ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠭᠦᠨ ᠤ ᠰᠢᠨᠵᠢᠯᠡᠬᠦ | ᠤᠬᠠᠭᠠᠨᠴᠢ ᠠᠭᠤᠯᠬᠤᠨ ᠪᠠ ᠪᠣᠳᠠᠲᠠᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠨ ᠣᠨᠣᠪᠴᠢᠲᠠᠢ ᠡᠵᠡᠮᠰᠢᠵᠦ᠂ | ᠮᠠᠨ ᠤ ᠬᠤᠲᠠ ᠶᠢᠨ ︽ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ︾ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ︽ᠬᠤᠶᠠᠷ ᠢ ᠬᠠᠮᠠᠭᠠᠯᠠᠬᠤ︾ ᠶᠢ ᠲᠡᠷᠡ ᠶᠤᠰᠤᠭᠠᠷ ᠨᠢ ᠪᠡᠶᠡᠯᠡᠭᠦᠯᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠢᠯᠡ ᠲᠣᠳᠣ ᠤᠯᠤᠰ ᠲᠥᠷᠥ ᠶᠢᠨ ᠤᠳᠤᠷᠢᠳᠤᠮᠵᠢ ᠶᠢ ᠪᠤᠢ ᠪᠣᠯᠭᠠᠵᠤ᠂ ᠭᠦᠨᠵᠡᠭᠡᠢ ᠰᠤᠷᠤᠯᠴᠠᠨ | ᠰᠡᠳᠬᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠠᠯᠢᠪᠠ | ᠠᠵᠢᠯ ᠳᠠᠬᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ ᠪᠦᠬᠦ ᠬᠤᠲᠠ ᠶᠢᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠪᠦᠯᠭᠦᠮᠳᠡᠭᠦᠯᠦᠨ | ᠳᠠᠭᠠᠭᠤᠯᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠢᠮᠠᠭᠲᠠ ᠲᠦᠯᠬᠢᠨ | ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠪᠦᠬᠦ ᠬᠡᠪᠴᠢᠶᠡᠨ ᠳᠤ ᠲᠤᠭᠤᠰᠢᠯᠠᠭᠤᠯᠤᠨ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠲᠠᠬᠢ | ᠭᠤᠶᠢᠪᠢᠰᠢ ᠦᠭᠡᠢ ᠤᠳᠤᠷᠢᠳᠬᠤ ᠪᠠᠶᠢᠷᠢ ᠰᠠᠭᠤᠷᠢ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ᠂ ᠪᠦᠬᠦ ᠲᠠᠯ᠎ᠠ ᠶᠢᠨ᠂ | ᠪᠠᠶᠢᠯᠳᠤᠬᠤ ᠪᠣᠳᠣᠯᠭ᠎ᠠ ᠶᠢᠨ ᠥᠨᠳᠥᠷ ᠲᠤ ᠵᠣᠭᠰᠣᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠴᠢᠬᠤᠯᠠ ᠶᠡᠭᠡ ᠤᠳᠬ᠎ᠠ ᠠᠭᠤᠯᠭ᠎ᠠ ᠶᠢ ᠭᠦᠨᠵᠡᠭᠡᠢ ᠲᠠᠨᠢᠵᠤ | ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ | ᠨᠢᠭᠡᠳᠬᠡᠵᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠬᠥᠭᠵᠢᠯᠲᠡ ᠶᠢᠨ ᠨᠡᠶᠢᠯᠡᠯ | ᠬᠦᠴᠦᠨ ᠢ ᠪᠦᠷᠢᠯᠳᠦᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠨ ᠤᠬᠠᠭᠤᠯᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦᠳᠡ ᠬᠤᠷᠠᠯᠳᠤᠭᠠᠨ ᠤ | ᠵᠣᠷᠢᠭ ᠰᠠᠨᠠᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠨ ᠤ ᠰᠡᠳᠬᠢᠯ ᠳᠤ ᠬᠦᠷᠭᠡᠬᠦ ᠬᠡᠷᠡᠭᠲᠡᠢ ᠭᠡᠪᠡ᠃ |