ᠮᠠᠨ ᠤ ᠬᠤᠲᠠ ᠶᠢᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠬᠠᠮᠢᠶᠠᠷᠤᠯᠲᠠ  ᠦᠢᠯᠡᠴᠢᠯᠡᠭᠡ ᠰᠢᠨᠵᠢᠯᠡᠬᠦ ᠤᠬᠠᠭᠠᠨᠴᠢᠯᠠᠯᠲᠠ ᠵᠢᠷᠤᠮᠵᠢᠯᠲᠠ ᠮᠡᠳᠡᠭᠡ ᠵᠠᠩᠭᠢᠵᠢᠯᠲᠠ ᠳᠠᠰᠢ ᠠᠬᠢᠪᠠ
ᠨᠡᠶᠢᠲᠡᠯᠡᠭᠰᠡᠨ ᠴᠠᠭ᠄
2020/11/3
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠤᠶᠢᠯᠠᠭᠠᠭᠰᠠᠨ ᠢᠶᠠᠷ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠵᠢᠨ‌ᠮᠥ᠋ᠩᠭᠦ ᠵᠢᠨ‌ᠬᠠᠮᠢᠶᠠᠷᠤᠯᠲᠠ ᠶᠢᠨ ᠲᠥᠪ ᠨᠢ  ᠦᠢᠯᠡᠴᠢᠯᠡᠭᠡᠨ ᠤ ᠠᠵᠤ ᠠᠬᠤᠶᠢᠯᠠᠯ ᠪᠠ ᠠᠵᠢᠯᠲᠠᠨ ᠠᠵᠢᠯᠴᠢᠨ ᠢᠶᠠᠷ ᠠᠵᠢᠯ ᠤᠨ ᠤᠳᠤᠷᠢᠳᠦᠮᠵᠢ ᠪᠣᠯᠭᠠᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠠᠷᠭ᠎ᠠ ᠵᠠᠮ ᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠬᠦ᠂ ᠲᠤᠬᠠᠶᠢᠯᠠᠭᠰᠠᠨ ᠠᠵᠢᠯ ᠤᠨ ᠨᠥᠬᠦᠴᠡᠯ ᠪᠤᠯᠤᠮᠵᠢ ᠶᠢ ᠳᠥᠭᠦᠮᠴᠢᠯᠡᠬᠦ ᠠᠴᠠ ᠭᠠᠷᠳᠠᠵᠤ᠂ ᠣᠯᠠᠨ ᠠᠷᠭ᠎ᠠ ᠬᠡᠮᠵᠢᠶ᠎ᠡ ᠠᠪᠴᠤ᠂ ︽ᠢᠨᠲ᠋ᠧᠷ ᠰᠦᠯᠵᠢᠶ᠎ᠡ +︾ ᠮᠡᠷᠭᠡᠵᠢᠯ ᠢ ᠭᠦᠢᠴᠡᠳ ᠠᠰᠢᠭᠯᠠᠵᠤ᠂ ᠠᠷᠠᠳ ᠲᠤ ᠦᠢᠯᠡᠴᠢᠯᠡᠬᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠥᠷᠨᠢᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠣᠯᠠᠨ ᠡᠰᠢᠵᠢᠭᠰᠡᠨ᠂ ᠭᠦᠢᠴᠡᠳᠭᠡᠬᠦ ᠵᠠᠭᠪᠤᠷ ᠢ ᠳᠥᠭᠦᠮ  ᠲᠦᠲᠡᠴᠢᠯᠡᠭᠰᠡᠨ᠂ ᠦᠢᠯᠡᠴᠢᠯᠡᠭᠡᠨ ᠤ ᠠᠷᠭ᠎ᠠ ᠵᠠᠮ ᠢ ᠰᠦᠯᠵᠢᠶᠡᠵᠢᠭᠦᠯᠦᠭᠰᠡᠨ ᠣᠷᠣᠨ ᠰᠠᠭᠤᠴᠠ ᠶᠢᠨ ᠨᠡᠶᠢᠲᠡ ᠵᠢᠨ‌ᠬᠤᠷᠠᠮᠳᠤᠯᠭ᠎ᠠ ᠵᠢᠨ‌ᠮᠥ᠋ᠩᠭᠦ ᠶᠢᠨ ᠶᠡᠷᠦᠩᠬᠡᠶᠢᠯᠡᠭᠰᠡᠨ‌ᠦᠢᠯᠡᠴᠢᠯᠡᠭᠡᠨ‌‍ᠤ ᠰᠢᠰᠲ᠋ᠧᠮ  ᠢ ᠴᠢᠷᠮᠠᠶᠢᠨ ᠪᠤᠶ ᠪᠤᠯᠭᠠᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠬᠠᠮᠢᠶᠠᠷᠤᠯᠲᠠ ᠦᠢᠯᠡᠴᠢᠯᠡᠭᠡ  ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠮᠡᠳᠡᠭᠡ ᠵᠠᠩᠭᠢᠵᠢᠭᠤᠯᠬᠤ ᠲᠡᠰᠢ ᠠᠬᠢᠭᠤᠯᠵᠦ ᠪᠠᠶᠢᠨ᠎ᠠ  ᠃    ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ︽ᠬᠠᠮᠲᠤᠪᠠᠷ ᠭᠥᠷᠳᠡᠬᠦ ᠠᠯᠪᠠᠨ ᠬᠡᠷ︾  ᠬᠠᠷᠭᠤᠭᠤᠯᠤᠨ ᠪᠠᠶᠢᠴᠠᠭᠠᠨ᠎ᠠ᠃ ᠠᠷᠠᠳ ᠤᠨ ᠪᠠᠩᠬᠢ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ᠂ ᠦᠮᠴᠢᠯᠡᠬᠦ ᠡᠷᠬᠡ ᠪᠣᠯᠤᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠰᠠᠯᠠᠭ᠎ᠠ ᠮᠥᠴᠢᠷ ᠲᠠᠢ ᠮᠡᠳᠡᠭᠡ ᠵᠠᠩᠭᠢ ᠶᠢ ᠬᠠᠮᠳᠤᠪᠠᠷ ᠡᠳ᠋ᠯᠡᠬᠦ ᠲᠣᠭᠲᠠᠴᠠ ᠪᠠᠶᠢᠭᠤᠯᠵᠤ᠂ ᠲᠤᠰᠬᠠᠶ ᠱᠤᠭᠤᠮ ᠢᠶᠠᠷ ᠰᠢᠭᠤᠳ ᠬᠤᠯᠪᠣᠯᠳᠤᠵᠤ ᠲᠤᠭ᠎ᠠ ᠪᠠᠷᠢᠮᠲᠠ ᠶᠢ ᠵᠠᠯᠭᠠᠯᠳᠤᠭᠤᠯᠤᠨ ᠰᠣᠯᠢᠯᠴᠠᠬᠤ ᠠᠵᠢᠯ ᠢ ᠪᠡᠶᠡᠯᠡᠭᠦᠯᠵᠦ᠂ ︽ᠦᠨᠡᠨᠴᠢ ᠢᠲᠡᠭᠡᠮᠵᠢᠲᠡᠶ ᠪᠠᠷ ᠭᠤᠶᠤᠴᠢᠯᠠᠨ ᠮᠡᠳᠡᠭᠦᠯᠬᠦ + ᠡᠷᠬᠡ ᠣᠯᠭᠤᠵᠤ ᠬᠢᠨᠠᠨ ᠪᠠᠶᠢᠴᠠᠭᠠᠬᠤ︾ ᠲᠤᠬᠠᠶᠢᠯᠠᠭᠰᠠᠨ‌ᠠᠵᠢᠯ ᠤᠨ ᠵᠠᠭᠪᠤᠷ ᠢ ᠬᠡᠷᠡᠭᠯᠡᠨ᠂ ᠲᠤᠬᠠᠶᠢᠯᠠᠭᠰᠠᠨ ᠠᠵᠢᠯ ᠤᠨ ᠭᠤᠶᠤᠴᠢᠯᠠᠭᠴᠢ ᠶᠢᠨ ᠡᠷᠦᠬᠡ ᠠᠮᠠ‌‍ᠶᠢᠨ ᠳᠠᠩᠰᠠ᠂ ᠮᠡᠳᠡᠭᠡ ᠵᠠᠩᠭᠢ᠂ ᠣᠷᠤᠭ ᠬᠤᠷᠢᠮ᠂ ᠭᠡᠷ ᠪᠠᠶᠢᠰᠢᠩ ᠬᠤᠳᠠᠯᠳᠤᠨ ᠠᠪᠤᠭᠰᠠᠨ ᠭᠡᠷᠡᠴᠢ ᠪᠠᠷᠢᠮᠲᠠ᠂ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠵᠢᠴᠢ ᠪᠤᠰᠤᠳ ᠵᠥᠢᠯ ᠤᠨ ᠪᠠᠶᠢᠳᠠᠯ ᠢ ᠴᠠᠭ ᠲᠤᠬᠠᠶ ᠳᠤᠨᠢ ᠬᠢᠨᠠᠨ ᠰᠢᠯᠭᠠᠵᠤ᠂ ᠲᠤᠬᠠᠶᠢᠯᠠᠭᠰᠠᠨ ᠠᠵᠢᠯ ᠤᠨ ᠴᠢᠬᠤᠯᠠ ᠨᠥᠬᠦᠴᠡᠯ ᠢ ᠭᠠᠷᠭᠠᠨ ᠠᠪᠬᠤ ᠭᠠᠳᠠᠭᠠᠳᠤ ᠬᠤᠯᠪᠣᠭ᠎ᠠ ᠶᠢᠨ ᠮᠡᠳᠡᠭᠡ ᠵᠠᠩᠭᠢ ᠶᠢ ᠬᠠᠷᠭᠤᠭᠤᠯᠤᠨ ᠰᠢᠯᠭᠠᠬᠤ ᠳᠤ ︽ᠪᠦᠬᠦᠨ ᠢ ᠬᠠᠮᠤᠷᠬᠤ︾ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠣᠳᠣᠬᠠᠨ ᠳᠤ᠂ ᠡᠯ᠎ᠡ ᠲᠥᠷᠥᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠷᠭ᠎ᠠ ᠵᠠᠮ ᠢᠶᠠᠷ ᠨᠢᠭᠡᠨᠲᠡ 50 ᠭᠠᠷᠤᠶ ᠲᠦᠮᠡᠨ ᠵᠤᠷᠪᠤᠰ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠵᠤ ᠬᠢᠨᠠᠨ ᠰᠢᠯᠭᠠᠭᠠᠳ᠂ ᠲᠣᠭᠲᠠᠭᠠᠯ ᠳᠤ ᠨᠡᠶᠢᠴᠡᠭᠰᠡᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠬᠠᠤᠯᠢ ᠶᠣᠰᠣᠭᠠᠷ ᠭᠠᠷᠭᠠᠨ ᠠᠪᠬᠤ ᠠᠩᠬᠠᠳᠠᠭᠴᠢ ᠪᠤᠭᠤᠮᠲᠠ ᠶᠢ ᠪᠦᠲᠦᠮᠵᠢᠲᠡᠶ ᠴᠣᠭᠴᠠᠯᠠᠪᠠ᠃     ᠱᠠᠲᠤ ᠦᠶ᠎ᠡ ᠶᠢᠨ ᠴᠢᠨᠠᠷᠲᠠᠶ ᠲᠥᠷᠥ ᠶᠢᠨ ᠪᠣᠳᠣᠯᠭ᠎ᠠ ᠶᠢᠨ ︽ᠲᠣᠬᠢᠷᠠᠭᠤᠯᠤᠯᠲᠠ ᠶᠢᠨ ᠠᠯᠪᠠᠨ ᠬᠡᠷ︾᠃ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠳᠡᠭᠡᠳᠤ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠬᠠᠮᠤᠭ ᠤᠨ ᠶᠡᠭᠡ ᠲᠤᠰᠢᠶᠠᠨ ᠬᠠᠳᠠᠭᠠᠯᠠᠭᠤᠯᠬᠤ ᠬᠠᠷᠢᠴᠠᠯ ᠢ 1 ᠵᠠᠭᠤᠨ ᠤ ᠨᠢᠭᠡᠴᠢ ᠪᠠᠭᠤᠷᠠᠭᠤᠯᠪᠠ᠂ ᠲᠤᠬᠠᠶᠢᠯᠠᠪᠠᠯ ᠠᠵᠤ ᠠᠬᠤᠶᠢᠯᠠᠯ  ᠤᠨ ᠲᠤᠰᠢᠶᠠᠨ ᠬᠠᠳᠠᠭᠠᠯᠠᠭᠤᠯᠬᠤ ᠬᠠᠷᠢᠴᠠᠯ ᠢ 5 — 12% ᠤᠨ ᠬᠤᠭᠤᠷᠣᠨᠳᠣ ᠳᠤᠷ᠎ᠠ ᠪᠠᠷ ᠰᠣᠩᠭᠤᠵᠤ ᠪᠣᠯᠤᠨ᠎ᠠ᠃ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠲᠠᠢ ᠠᠵᠤ ᠠᠬᠤᠶᠢᠯᠠᠯ ᠤᠨ ᠲᠤᠰᠢᠶᠠᠨ ᠬᠠᠳᠠᠭᠠᠯᠠᠭᠤᠯᠬᠤ ᠬᠠᠷᠢᠴᠠᠯ ᠢ ᠪᠠᠭᠤᠷᠠᠭᠤᠯᠬᠤ ᠠᠴᠠ ᠭᠠᠳᠠᠨ᠎ᠠ᠂ ᠪᠠᠰᠠ ᠬᠠᠤᠯᠢ ᠶᠣᠰᠣᠭᠠᠷ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠤᠨ᠎ᠠ᠂ ᠠᠵᠤ ᠠᠬᠤᠶᠢᠯᠠᠯ ᠤᠨ ᠦᠷ᠎ᠡ ᠠᠰᠢᠭ ᠰᠠᠶᠢᠵᠢᠷᠠᠭᠰᠠᠨ ᠤ ᠳᠠᠷᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ   ᠶᠢᠨ ᠲᠤᠰᠢᠶᠠᠨ ᠬᠠᠳᠠᠭᠠᠯᠠᠭᠤᠯᠬᠤ ᠬᠠᠷᠢᠴᠠᠯ ᠢ ᠳᠡᠭᠡᠭᠰᠢᠯᠡᠭᠦᠯᠬᠦ ᠪᠤᠶᠤ ᠲᠤᠰᠢᠶᠠᠨ ᠬᠠᠳᠠᠭᠠᠯᠠᠭᠤᠯᠬᠤ ᠶᠢ  ᠰᠡᠷᠭᠦᠭᠡᠵᠦ ᠪᠤᠯᠬᠤ ᠪᠦᠭᠡᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠨᠥᠬᠦᠪᠥᠷᠢᠯᠡᠨ ᠲᠤᠰᠢᠶᠠᠵᠦ ᠪᠤᠯᠤᠨ᠎ᠠ︔ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠩᠭᠦ ᠶᠢᠨ ᠨᠢᠭᠡᠴᠡ ᠶᠢᠨ ᠲᠠᠩᠰᠠᠨ ᠡᠷᠦᠬᠡ ᠪᠠᠶᠢᠭᠤᠯᠬᠤ ᠦᠶ᠎ᠡ ᠳᠤ ᠲᠤᠬᠠᠶ ᠶᠢᠨ ᠡᠳᠦᠷ ᠳᠤᠨᠢ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠪᠣᠶ ᠪᠥᠬᠦᠶ ᠨᠢᠭᠡᠴᠡ ᠶᠢᠨ ᠲᠤᠬᠠᠶᠢᠯᠠᠭᠰᠠᠨ ᠠᠵᠢᠯ ᠢ ᠴᠥᠮ ︽ ᠠᠪᠤᠨ ᠲᠤᠤᠷ᠎ᠠ ᠨᠢ  ᠭᠦᠢᠴᠡᠳᠭᠡᠨ᠎ᠡ︾  ᠃    ᠣᠨᠳᠣᠤ ᠭᠠᠵᠠᠷ ᠤᠨ ᠠᠵᠢᠯᠲᠠᠨ ᠠᠵᠢᠯᠴᠢᠨ ᠤ ᠵᠢᠭᠡᠯᠡᠯᠭᠡ ᠶᠢ ︽ᠳᠡᠮᠵᠢᠪᠡ︾  ᠃ ᠭᠠᠳᠠᠷ ᠣᠷᠣᠨ ᠤ ᠠᠵᠤ ᠠᠬᠤᠶᠢᠯᠠᠯ ᠠᠴᠠ ᠬᠦᠬᠡᠬᠤᠲᠡ ᠶᠢᠨ ᠬᠡᠪᠴᠢᠶᠡᠨ ᠳᠤ ᠲᠣᠮᠢᠯᠠᠨ ᠰᠠᠭᠤᠯᠭᠠᠵᠤ  ᠡᠵᠡᠩᠨᠡᠭᠦᠯᠦᠭᠰᠡᠨ ᠵᠢᠴᠢ ᠣᠨᠳᠣᠣ ᠭᠠᠵᠠᠷ ᠲᠤ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠳᠤ ᠴᠢᠭᠯᠡᠭᠦᠯᠦᠨ᠂ ᠣᠨᠳᠣᠤ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠵᠢᠨ‌ᠵᠢᠭᠡᠯᠡᠯᠭᠡ ᠶᠢᠨ  ᠲᠤᠬᠠᠶᠢᠯᠠᠭᠰᠠᠨ ᠠᠵᠢᠯ ᠢ ᠶᠡᠬᠡᠪᠡᠷ ᠥᠷᠨᠢᠭᠦᠯᠵᠦ᠂ ᠣᠨᠳᠣᠤ ᠭᠠᠵᠠᠷ ᠲᠤ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠬᠦᠬᠡᠬᠤᠲᠡ  ᠳᠤ  ᠬᠡᠷ ᠪᠠᠶᠢᠰᠢᠩ ᠬᠤᠳᠠᠯᠳᠤᠨ ᠠᠪᠬᠤ ᠬᠡᠷᠡᠭᠯᠡᠭᠡ ᠶᠢ  ᠳᠡᠮᠵᠢᠪᠡ  ᠃    ᠬᠤᠪᠢ ᠬᠥᠮᠦᠨ ᠤ ᠲᠤᠬᠠᠶᠢᠯᠠᠭᠰᠠᠨ ᠠᠵᠢᠯ ᠢ ︽ ᠠᠯᠠᠭᠠᠨ ᠳᠡᠭᠡᠷ᠎ᠡ ᠨᠢ ᠭᠦᠢᠴᠡᠳᠬᠡᠨ᠎ᠡ︾᠃ ᠬᠢᠵᠢᠭ ᠢ ᠰᠡᠷᠭᠡᠶᠢᠯᠡᠨ ᠬᠤᠷᠢᠭᠯᠠᠬᠤ ᠬᠡᠷᠡᠭᠴᠡᠭᠡ ᠪᠣᠯᠤᠨ ᠠᠵᠢᠯᠲᠠᠨ ᠠᠵᠢᠯᠴᠢᠨ ᠤ  ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢᠨ ᠬᠤᠭᠤᠷᠣᠨᠳᠣᠬᠢ ᠵᠥᠷᠢᠴᠡᠯ ᠢ ᠠᠷᠭᠠᠴᠠᠬᠤ ᠶᠢᠨ ᠲᠤᠯᠠᠳᠠ᠂ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠦᠢᠯᠡᠴᠢᠯᠡᠭᠡ ᠪᠠ ᠲᠤᠰᠢᠶᠠᠨ ᠬᠠᠳᠠᠭᠠᠯᠠᠭᠤᠯᠬᠤ ᠨᠢᠭᠡᠴᠡ ᠶᠢᠨ ᠠᠵᠢᠯᠲᠠᠨ‌ᠠᠵᠢᠯᠴᠢᠨ ᠤ ᠬᠦᠰᠡᠯ ᠡᠷᠡᠮᠡᠯᠵᠡᠯ ᠤᠨ ᠬᠡᠮᠵᠢᠭᠳᠡᠯ ᠤᠨ ᠵᠤᠬᠢᠴᠠᠯᠳᠤᠯ ᠢ  ᠳᠡᠭᠡᠭᠰᠢᠯᠡᠭᠦᠯᠵᠦ᠂ ︽ᠬᠥᠬᠡᠬᠤᠲᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ︾ ᠶᠢᠨ ᠭᠠᠷ ᠤᠲᠠᠰᠤᠨ ᠤ ᠬᠡᠷᠡᠭᠯᠡᠭᠴᠢ ᠶᠢᠨ  ︽ᠸᠢᠴᠠᠲ  ᠣᠯᠠᠨ ᠨᠡᠶᠢᠲᠡ ᠶᠢᠨ ᠲᠠᠪᠴᠠᠩ︾ ︽ᠰᠦᠯᠵᠢᠶᠡᠨ ᠳᠡᠭᠡᠷ᠎ᠡ ᠠᠵᠢᠯ  ᠭᠠᠷ ᠭᠦᠢᠴᠡᠳᠭᠡᠯ ᠤᠨ ᠶᠡᠭᠡ ᠲᠢᠩᠬᠢᠮ︾ ᠤᠨ ᠲᠤᠬᠠᠶᠢᠯᠠᠭᠰᠠᠨ ᠠᠵᠢᠯ ᠢ ᠵᠠᠯᠭᠠᠭᠠᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃ ᠪᠦᠬᠦ ᠶᠠᠪᠤᠴᠠ ᠳᠤ  ᠡᠯᠧᠺᠲᠷᠤᠨᠴᠢᠯᠡᠭᠰᠡᠨ ᠂ ᠰᠦᠯᠵᠢᠶᠡᠵᠢᠭᠰᠡᠨ ᠴᠢᠳᠠᠮᠵᠢ ᠶᠢ ᠪᠡᠶᠡᠯᠡᠭᠦᠯᠵᠦ᠂ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ︽ᠮᠠᠲ᠋ᠧᠷᠢᠶᠠᠯ ᠦᠭᠡᠢ᠂ ᠭᠦᠶᠦᠯᠲᠡ ᠦᠭᠡᠢ︾ ᠪᠤᠯᠭᠠᠵᠦ᠂ ᠬᠦᠯᠢᠶᠡᠨ ᠠᠪᠴᠤ  ᠰᠢᠢᠳᠪᠤᠷᠢᠯᠡᠬᠦ ᠶᠠᠪᠤᠴᠠ ᠶᠢ ︽ᠮᠠᠰᠢᠨ ᠬᠢᠨᠠᠵᠦ᠂ ᠬᠥᠮᠦᠨ ᠬᠠᠷᠭᠤᠭᠤᠯᠬᠤ︾ ᠪᠤᠯᠭᠠᠵᠦ᠂ ᠭᠠᠷᠭᠠᠨ ᠠᠪᠬᠤ ᠵᠣᠭᠤᠰ ᠢ ︽ ᠬᠦᠯᠢᠶᠡᠯᠲᠡ ᠦᠭᠡᠢ᠂ ᠲᠤᠤᠷ᠎ᠠ ᠪᠠᠨ‌‍ᠲ᠋ᠠᠩᠰᠠᠨ ᠳᠤ ᠣᠷᠣᠬᠤ︾  ᠪᠤᠯᠭᠠᠵᠦ᠂ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠴᠠᠭ ᠲᠤᠬᠠᠶ ᠳᠤᠨᠢ ᠭᠠᠵᠠᠷ ᠣᠷᠣᠨ ᠳᠠᠭᠠᠨ  ᠳᠠᠷᠤᠶᠢᠬᠠᠨ ᠭᠦᠢᠴᠡᠳᠭᠡᠬᠦ ᠪᠤᠯᠭᠠᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃http://mongol.people.com.cn/15828546.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号