ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠢᠭᠡ ᠬᠤᠲᠠ ᠶᠢᠨ ᠭᠠᠮᠰᠢᠭ ᠤᠨ ᠪᠡᠯᠡᠳᠬᠡᠯ ᠲᠤᠭ᠎ᠠ ᠪᠠᠷᠢᠮᠲᠠ ᠶᠢᠨ ᠲᠥᠪ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠯᠡᠷᠬᠡᠶᠢᠯᠡᠯ ᠰᠡᠬᠦᠪᠡ
ᠨᠡᠶᠢᠲᠡᠯᠡᠭᠰᠡᠨ ᠴᠠᠭ᠄
2020/11/3
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠢᠭᠡ ᠬᠤᠲᠠ ᠶᠢᠨ ᠭᠠᠮᠰᠢᠭ ᠤᠨ ᠪᠡᠯᠡᠳᠬᠡᠯ ᠲᠤᠭ᠎ᠠ ᠪᠠᠷᠢᠮᠲᠠ ᠶᠢᠨ ᠲᠥᠪ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠯᠡᠷᠬᠡᠶᠢᠯᠡᠯ ᠰᠡᠬᠦᠪᠡ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠢᠭᠡ ᠬᠤᠲᠠ ᠶᠢᠨ ᠭᠠᠮᠰᠢᠭ ᠤᠨ ᠪᠡᠯᠡᠳᠬᠡᠯ ᠲᠤᠭ᠎ᠠ ᠪᠠᠷᠢᠮᠲᠠ ᠶᠢᠨ ᠲᠥᠪ ᠤᠨ ᠵᠢᠷᠤᠭ ᠲᠥᠯᠥᠪᠯᠡᠭᠡ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠲᠤᠭ᠎ᠠ ᠪᠠᠷᠢᠮᠲᠠ ᠶᠢᠨ ᠭᠠᠮᠰᠢᠭ ᠲᠤ ᠪᠡᠯᠡᠳᠬᠡᠬᠦ ᠲᠥᠪ ᠤᠨ ᠲᠥᠷᠥᠯ ᠵᠦᠢᠯ ᠬᠤᠷᠢᠨᠭᠡᠷ ᠰᠢᠨ᠎ᠡ ᠲᠣᠭᠤᠷᠢᠭ ᠤᠨ ᠶᠦᠨ ᠬᠥ᠋ ᠬᠡᠰᠡᠭ ᠲᠣᠭᠤᠷᠢᠭ ᠲᠤ ᠪᠠᠶᠢᠷᠢᠯᠠᠵᠤ᠂ 60 ᠮᠦ ᠭᠠᠵᠠᠷ ᠡᠵᠡᠯᠡᠨ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 5.8 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠢᠯᠭ᠎ᠠ ᠶᠢᠨ ᠶᠡᠷᠦᠩᠬᠡᠶ ᠲᠠᠯᠠᠪᠠᠢ ᠨᠢ ᠪᠠᠷᠤᠭ 57000 ᠲᠡᠭᠰᠢ ᠳᠥᠷᠪᠡᠯᠵᠢᠨ ᠮᠧᠲᠷ ᠪᠠᠶᠢᠨ᠎ᠠ᠃ ᠲᠥᠷᠥᠯ ᠵᠦᠢᠯ ᠳᠤ ᠤᠯᠤᠰ ᠤᠨ A ᠲᠠᠰ ᠤᠨ ᠪᠠᠷᠢᠮᠵᠢᠶ᠎ᠠ ᠶᠢᠨ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢᠨ ᠭᠠᠮᠰᠢᠭ ᠤᠨ ᠪᠡᠯᠡᠳᠬᠡᠯ ᠲᠥᠪ᠂ ᠦᠢᠯᠡᠳᠪᠦᠷᠢᠯᠡᠯ ᠤᠨ ᠲᠥᠪ᠂ ᠵᠣᠴᠢᠳ ᠤᠨ ᠦᠢᠯᠡᠴᠢᠯᠡᠭᠡᠨ ᠤ ᠲᠥᠪ᠂ ᠪᠣᠯᠪᠠᠰᠤᠷᠠᠯ ᠤᠨ ᠲᠥᠪ ᠵᠡᠷᠭᠡ ᠪᠠᠭᠲᠠᠨ᠎ᠠ᠃      ᠲᠣᠰ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ᠂ ᠲᠣᠮᠣ ᠳ᠋ᠠᠶᠢᠲ᠋ᠠ ᠶᠢᠨ ᠠᠵᠤ ᠦᠢᠯᠡᠰ ᠢ ᠪᠠᠶᠢᠷᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠪᠣᠯᠤᠨ᠎ᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ