ᠲᠤᠭᠳᠠᠬᠤ ᠰᠢᠶᠠᠨ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/11/30
      11 ᠰᠠᠷ᠎ᠠ ᠶᠢᠨ 20 ᠤ ᠡᠳᠦᠷ᠂ 2020 ᠣᠨ ᠤ ᠪᠥᠬᠦ ᠰᠢᠶᠠᠨ ᠤ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠶᠦᠨ ᠵᠥᠩ ᠰᠣᠶᠣᠯ ᠤᠨ ᠣᠷᠳᠣᠨ ᠳᠤ ᠬᠢᠴᠢᠶᠡᠯ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠦᠮᠦᠰ ᠵᠡᠷᠭᠡ ᠨᠢᠭᠡᠳᠦᠮᠡᠯ ᠹᠷᠣᠨᠲ ᠤᠨ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠲᠥᠪ ᠤᠨ ᠸᠠᠩ ᠬᠠᠢ ᠴᠢᠩ ᠨᠥᠬᠦᠷ ︽ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠪᠣᠳᠠᠲᠤ ᠲᠠᠮᠢᠷ︾ ᠤᠨ ᠪᠤᠯᠪᠠᠰᠤᠷᠠᠭᠤᠯᠤᠯ ᠬᠢᠵᠦ᠂ ᠬᠡᠷᠡᠭ ᠤᠨ ᠵᠢᠱᠢᠶ᠎ᠡ ᠶᠢ ᠵᠠᠳᠠᠯᠬᠤ ᠠᠷᠭ᠎ᠠ ᠪᠠᠷ ᠳᠠᠮᠵᠢᠭᠤᠯᠤᠨ᠂ ᠠᠩᠭᠢᠯᠠᠯ᠂ ᠦᠭᠡ ᠬᠡᠯᠡ ᠪᠠ ᠠᠯᠪᠠᠨ ᠪᠢᠴᠢᠭ ᠶᠠᠪᠤᠭᠤᠯᠬᠤ ᠯᠣᠭᠢᠭ᠂ ᠠᠰᠠᠭᠤᠳᠠᠯ ᠤᠨ ᠲᠠᠯ᠎ᠠ᠂ ᠠᠷᠠᠳᠴᠢᠯᠠᠭᠰᠠᠨ ᠨᠠᠮ ᠪᠦᠯᠦᠭ ᠤᠨ ᠠᠵᠢᠯ᠂ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ ᠠᠵᠢᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ᠂ ᠬᠠᠷᠢᠶᠠᠲᠤ ᠨᠠᠷ ᠤᠨ ᠲᠠᠶᠢᠸᠠᠨ ᠤ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯ ᠵᠡᠷᠭᠡ ᠲᠠᠯ᠎ᠠ ᠪᠠᠷ ᠭᠦᠨ ᠭᠦᠨᠵᠡᠭᠡᠶ ᠨᠠᠷᠢᠨ ᠨᠢᠮᠪᠠᠶ ᠲᠠᠶᠢᠯᠪᠤᠷᠢᠯᠠᠯᠲᠠ ᠬᠢᠵᠦ᠂ ᠰᠤᠷᠤᠭᠴᠢᠳ ᠲᠤ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠴᠢᠬᠤᠯᠠ ᠴᠢᠨᠠᠷ ᠢ ᠲᠠᠨᠢᠭᠤᠯᠪᠠ᠃      ᠬᠤᠷᠠᠯ ᠳᠤ ᠣᠷᠣᠯᠴᠠᠭᠰᠠᠳ᠂ ᠡᠨᠡ ᠤᠳᠠᠭᠠᠨ ᠤ ᠪᠣᠯᠪᠠᠰᠤᠷᠠᠯ ᠤᠨ ᠣᠨᠣᠯ ᠭᠦᠨ ᠵᠤᠵᠠᠭᠠᠨ᠂ ᠪᠣᠳᠠᠲᠠᠶ ᠬᠢᠬᠦ ᠠᠷᠭ᠎ᠠ ᠨᠢ ᠡᠯᠪᠡᠭ ᠪᠠᠶᠠᠯᠢᠭ᠂ ᠬᠤᠶᠢᠰᠢᠳᠠ ᠦᠷᠭᠦᠯᠵᠢᠯᠡᠨ ᠭᠦᠨᠵᠡᠭᠡᠶ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ ᠰᠤᠷᠴᠤ ᠡᠵᠡᠮᠰᠢᠭᠰᠡᠨ ᠮᠡᠳᠡᠯᠭᠡ ᠪᠠᠨ ᠨᠡᠪᠲᠡᠷᠡᠲᠡᠯ᠎ᠡ ᠠᠭᠤᠰᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠴᠡᠳᠭᠡᠬᠦ ᠪᠠ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯ ᠳᠤᠮᠳᠠ ᠬᠡᠷᠡᠭᠯᠡᠵᠦ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠲᠤᠭᠳᠠᠬᠤ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号