ᠮᠠ ᠸᠧᠨ ᠵᠢᠩ ᠾᠸᠢ ᠯᠣᠤ ᠶᠣᠣ ᠰᠢᠶᠠᠩ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020/11/30
     11 ᠳ᠋ᠦ᠋ᠭᠡᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠸᠧᠨ ᠵᠢᠩ ᠾᠧᠢ ᠯᠣᠤ ᠶᠣᠣ ᠰᠢᠶᠠᠩ ᠳᠤ ᠭᠦᠨᠵᠡᠭᠡᠶᠢᠷᠡᠨ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠮᠠ ᠸᠧᠨ ᠵᠢᠩ ᠡᠩ ᠲᠡᠷᠢᠭᠦᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠦᠨᠳᠦᠰᠦᠨ ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ 2035 ᠣᠨ ᠤ ᠠᠯᠤᠰ ᠤᠨ ᠬᠠᠷᠠᠯᠲᠠ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠭᠤᠤᠯ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠵᠡᠷᠭᠡ ᠶᠢ ᠣᠨᠣᠪᠴᠢᠲᠠᠶ ᠡᠵᠡᠮᠳᠡᠬᠦ ᠲᠤᠬᠠᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ᠃      ᠮᠠ ᠸᠧᠨ ᠵᠢᠩ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠣᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠃ ᠰᠤᠷᠤᠯᠴᠠᠨ ᠤᠬᠠᠭᠤᠯᠵᠤ ᠲᠣᠭᠤᠰᠢᠯᠠᠭᠤᠯᠬᠤ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠮᠡᠳᠡᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠪᠥᠬᠦᠳᠡ ᠬᠤᠷᠠᠯ ᠠᠴᠠ ᠳᠤᠷᠠᠳᠤᠭᠰᠠᠨ ᠠᠯᠢ ᠣᠯᠠᠨ ᠰᠢᠨ᠎ᠡ ᠴᠢᠬᠤᠯᠠ ᠦᠵᠡᠯ ᠰᠠᠨᠠᠭ᠎ᠠ᠂ ᠴᠢᠬᠤᠯᠠ ᠨᠤᠲᠠᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠬᠤ ᠬᠡᠷᠡᠭᠲᠡᠶ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠳᠣᠬᠠᠨ ᠤ ᠠᠵᠢᠯ ᠢ ᠰᠠᠶᠢᠲᠤᠷ ᠬᠢᠬᠦ ᠯᠦᠭᠡ ᠨᠢᠭᠲᠠ ᠤᠶᠠᠯᠳᠤᠭᠤᠯᠬᠤ ᠬᠡᠷᠡᠭᠲᠡᠢ᠃ ᠰᠤᠷᠤᠯᠴᠠᠯᠭ᠎ᠠ ᠶᠢᠨ ᠤᠷᠮᠠᠰᠢᠭᠤᠯᠤᠭᠰᠠᠨ ᠬᠠᠯᠠᠭᠤᠨ ᠰᠡᠳᠬᠢᠯᠭᠡ ᠪᠠᠨ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠳᠡᠭᠡᠳᠦ ᠳᠤᠤᠷᠠᠳᠤ ᠱᠠᠳᠤ ᠰᠡᠳᠬᠢᠯ ᠨᠢᠭᠡᠳᠴᠦ᠂ ᠺᠠᠳ᠋ᠷ ᠤᠯᠠᠨ ᠲᠦᠮᠡᠨ ᠬᠦᠴᠦ ᠬᠠᠮᠲᠤᠳᠬᠠᠵᠤ᠂ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠰᠡᠨ ᠪᠠᠶᠢᠨ᠎ᠠ᠃      ᠮᠠ ᠸᠧᠨ ᠵᠢᠩ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠬᠦ ᠲᠤᠬᠠᠶ ᠴᠢᠬᠤᠯᠠᠴᠢᠯᠠᠨ ᠲᠤᠬᠢᠷᠠᠭᠤᠯᠤᠯᠲᠠ ᠬᠢᠵᠡᠢ᠃ ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠣᠯ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ ᠰᠢᠨ᠎ᠡ ᠲᠡᠮᠡᠴᠡᠯ ᠤᠨ ᠡᠬᠢᠯᠡᠯᠲᠡ ᠶᠢᠨ ᠴᠡᠭ ᠪᠣᠯᠤᠨ᠎ᠠ᠃ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠴᠦᠰ ᠤᠨ ᠰᠢᠪᠲᠤᠯᠤᠯᠲᠠ ᠶᠢᠨ ᠵᠠᠩᠭᠢᠯᠠᠭ᠎ᠠ ᠶᠢᠨ ᠴᠠᠭ ᠮᠥᠴᠡ ᠳᠤ ᠬᠦᠷᠴᠦ᠂ ᠡᠷᠴᠢ ᠪᠠᠨ ᠰᠤᠯᠠᠷᠠᠭᠤᠯᠵᠤ᠂ ᠠᠯᠪᠠ ᠪᠠᠨ ᠲᠤᠰᠢᠶᠠᠵᠤ ᠪᠣᠭᠤᠮᠲᠠ ᠳᠠᠪᠠᠭ᠋ᠤ ᠦᠵᠡᠯ ᠰᠠᠨᠠᠭ᠎ᠠ ᠶᠢ ᠡᠷᠡᠰ ᠲᠡᠪᠴᠢᠵᠦ᠂ ᠪᠣᠭᠤᠮᠲᠠ ᠰᠢᠪᠲᠤᠯᠬᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠴᠢᠨᠠᠷ ᠰᠠᠶᠢᠲᠠᠶ ᠲᠡᠮᠡᠴᠡᠨ ᠣᠯᠬᠤ ᠬᠡᠷᠡᠭᠲᠡᠢ᠃ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠭᠤᠷᠠᠶ ᠵᠦᠢᠯ ᠤᠨ ᠳᠤᠲᠠᠭᠤᠳᠠᠯ ᠢ ᠦᠨᠡᠨᠬᠦ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠯᠢᠭ ᠪᠥᠭᠡᠳ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠤᠰᠤᠳ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠰᠠᠶᠢᠲᠤᠷ ᠬᠤᠷᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠣᠷ ᠡᠬᠢᠯᠡᠭᠦᠯᠬᠦ ᠬᠡᠷᠡᠭᠲᠡᠢ ᠭᠡᠵᠦ ᠵᠢᠭᠠᠵᠣ ᠭᠠᠷᠭᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号