ᠬᠤᠷᠢᠨᠭᠡᠷ ᠰᠢᠶᠠᠨ ᠰᠤᠷᠭᠠᠨ ᠬᠥᠮᠦᠵᠢᠯ ᠤᠨ ᠰᠢᠰᠲ᠋ᠧᠮ ᠤᠨ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠬᠠᠣᠯᠢ ᠶᠣᠰᠣᠭᠠᠷ ᠪᠠᠭᠰᠢᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ︾ ᠵᠢᠴᠢ ︽ᠢᠷᠭᠡᠨ ᠤ ᠬᠠᠤᠯᠢ ᠶᠢᠨ ᠪᠢᠴᠢᠭ︾ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2020/11/30
     ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠤᠯᠢ ᠶᠣᠰᠣᠭᠠᠷ ᠪᠠᠭᠰᠢᠯᠠᠬᠤ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠣ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠠ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ 11 ᠳ᠋ᠦ᠋ᠭᠡᠷ ᠰᠠᠷ᠎ᠠ ᠶᠢᠨ 27 ᠤ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠬᠠᠤᠯᠢ ᠶᠣᠰᠣᠭᠠᠷ ᠪᠠᠭᠰᠢᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ︾ ᠵᠢᠴᠢ ︽ᠢᠷᠭᠡᠨ ᠤ ᠬᠠᠤᠯᠢ ᠶᠢᠨ ᠪᠢᠴᠢᠭ︾ ᠤᠨ ᠪᠣᠯᠪᠠᠰᠤᠷᠠᠭᠤᠯᠤᠯ ᠢ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠷᠠᠯ ᠤᠨ ᠲᠢᠩᠬᠢᠮ ᠳᠤ ᠶᠠᠪᠣᠭᠳᠠᠭᠤᠯᠪᠠ᠃      ᠪᠡᠭᠡᠵᠢᠩ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠯᠢ ᠸᠧᠨ ᠫᠷᠤᠹᠧᠰᠰᠤᠷ ᠪᠣᠯᠤᠨ ᠬᠠᠣᠯᠢᠴᠢ ᠯᠢ ᠡᠯ ᠲᠤᠤ ᠬᠤᠶᠠᠷ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯᠯᠡᠭᠦᠯᠦᠭᠰᠡᠨ ᠪᠠᠶᠢᠨ᠎ᠠ᠃ ᠬᠢᠴᠢᠶᠡᠯᠯᠡᠭᠡ ᠶᠢ ᠰᠤᠷᠭᠠᠭᠤᠯᠢ ᠶᠢᠨ ᠬᠦᠷᠢᠶᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠬᠢᠭᠡᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠭᠤᠯᠣᠯᠲᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ ᠪᠠ ᠬᠠᠨᠳᠤᠬᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠳᠤᠮᠳᠠ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠨᠡᠶᠢᠲᠡᠯᠢᠭ ᠠᠰᠠᠭᠤᠳᠠᠯ ᠤᠨ ᠵᠠᠳᠠᠯᠤᠯᠲᠠ ᠵᠡᠷᠭᠡ ᠭᠤᠤᠯ ᠠᠭᠤᠯᠭ᠎ᠠ ᠶᠢᠨ ᠲᠤᠬᠠᠶ ᠪᠣᠯᠪᠠᠰᠤᠷᠠᠭᠤᠯᠤᠯ ᠬᠢᠵᠦ ᠲᠠᠶᠢᠯᠪᠣᠷᠢᠯᠠᠭᠰᠠᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠠᠷᠢᠭᠤᠴᠠᠯᠭ᠎ᠠ ᠪᠠᠨ ᠨᠠᠷᠢᠯᠢᠬᠵᠢᠭᠤᠯᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠰᠤᠷᠭᠠᠨ ᠬᠦᠮᠦᠵᠢᠭᠦᠯᠬᠦ᠂ ᠰᠡᠷᠭᠡᠶᠢᠯᠡᠯᠲᠡ ᠪᠠᠨ ᠴᠢᠩᠭᠠᠳᠬᠠᠬᠤ ᠪᠠᠷ ᠭᠤᠣᠯ ᠪᠣᠯᠭᠠᠵᠤ᠂ ᠴᠢᠩᠭ᠎ᠠ ᠬᠠᠮᠢᠶᠠᠷᠴᠤ ᠴᠢᠩᠭ᠎ᠠ ᠪᠠᠶᠢᠴᠠᠭᠠᠵᠤ᠂ ᠴᠥᠬᠦᠷᠡᠰᠢ ᠥᠬᠡᠶ ᠠᠳᠬᠤᠬᠤ︾ ᠰᠡᠳᠬᠢᠮᠵᠢ ᠶᠣᠰᠣᠭᠠᠷ ᠂ ᠰᠤᠷᠭᠠᠭᠤᠯᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠲᠤᠰᠬᠠᠶ ᠪᠠ ᠲᠤᠰᠢᠶᠠᠯ ᠬᠠᠪᠰᠤᠷᠭᠠᠭᠰᠠᠨ ᠠᠮᠤᠷ ᠢ ᠬᠠᠮᠠᠭᠠᠯᠠᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ  ᠠᠵᠢᠯᠲᠠᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠬᠤ ᠬᠡᠷᠡᠭᠲᠡᠶ᠃ ᠥᠷᠭᠡᠨ ᠣᠯᠠᠨ ᠪᠠᠭᠰᠢ ᠰᠤᠷᠤᠭᠴᠢᠳ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠲᠠᠨᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠰᠡᠷᠭᠡᠶᠢᠯᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠠᠴᠠ ᠬᠤᠯᠠᠳᠠᠬᠤ ᠶᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ ᠪᠠᠭᠰᠢ ᠰᠤᠷᠤᠭᠴᠢ᠂ ᠭᠡᠷ ᠤᠨ ᠠᠬᠠᠮᠠᠳ ᠤᠨ ᠲᠤᠰᠬᠠᠯ ᠴᠢᠩᠭ᠎ᠠ ᠪᠠᠶᠢᠭ᠎ᠠ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠠᠵᠢᠯ ᠢ ᠴᠢᠩᠭᠠᠳᠬᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠡᠪᠲᠡᠷᠬᠡᠢ ᠣᠶᠢᠯᠠᠭᠠᠵᠤ᠂ ᠵᠠᠯᠠᠭᠤᠴᠤᠳ ᠪᠠᠭᠠᠴᠤᠳ ᠤᠨ ᠰᠤᠷᠤᠭᠴᠢᠳ ᠤᠨ ᠢᠷᠭᠡᠨ ᠤ ᠬᠠᠤᠯᠢ ᠶᠢᠨ ᠪᠢᠴᠢᠭ ᠤᠨ ᠬᠥᠮᠦᠵᠢᠯ ᠢ ᠴᠢᠩᠭᠠᠳᠬᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ᠂ ᠪᠠᠭᠰᠢ ᠰᠤᠷᠤᠭᠴᠢᠳ ᠲᠤ ᠬᠠᠤᠯᠢ ᠶᠢ ᠣᠶᠢᠯᠠᠭᠠᠭᠤᠯᠵᠤ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠪᠣᠯᠭᠠᠬᠤ ᠬᠡᠷᠡᠭᠲᠡᠢ᠃      ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠰᠤᠷᠭᠠᠭᠤᠯᠢ ︵ᠴᠡᠴᠡᠷᠯᠢᠭ︶ ᠶᠢᠨ ᠰᠤᠷᠭᠠᠭᠤᠯᠢ ᠶᠢᠨ ︵ᠴᠡᠴᠡᠷᠯᠢᠭ ᠤᠨ︶ ᠳᠠᠷᠤᠭ᠎ᠠ᠂ ᠰᠢᠶᠠᠨ ᠤ ᠰᠢᠭᠤᠳ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号