ᠸᠠᠩ ᠯᠢ ᠰᠢᠶᠠ ᠡᠷᠬᠢᠯᠡᠪᠡ | 11 ᠳ᠋ᠦ᠋ᠭᠡᠷ ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 28 ᠳ᠋ᠤᠭᠠᠷ ᠤᠳᠠᠭ᠎ᠠ ᠶᠢᠨ | ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠤᠭᠤᠶᠢᠯᠠᠩ ᠤᠨ ᠳᠠᠷᠤᠭ᠎ᠠ ᠸᠠᠩ ᠯᠢ ᠰᠢᠶᠠ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ | ᠲᠡᠷᠢᠭᠦᠨ ᠤ ᠠᠵᠢᠯᠲᠠᠳ ᠢ ᠰᠠᠶᠢᠰᠢᠶᠠᠨ ᠬᠦᠬᠢᠭᠦᠯᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠬᠤᠶᠢᠴᠢ | ᠦᠶ᠎ᠡ ᠪᠠᠨ ᠬᠠᠯᠠᠮᠵᠢᠯᠠᠬᠤ ᠠᠵᠢᠯ ᠢ ᠰᠠᠶᠢᠲᠤᠷ ᠬᠢᠬᠦ ᠳᠤ ᠳᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠨᠡᠶᠢᠭᠡᠮ ᠳᠡᠭᠡᠷ᠎ᠡ | ᠬᠥᠳᠡᠯᠮᠦᠷᠢ ᠶᠢᠨ ᠵᠢᠱᠢᠶᠡᠴᠢ ᠶᠢ ᠬᠦᠨᠳᠦᠳᠭᠡᠬᠦ᠂ ᠬᠥᠳᠡᠯᠮᠦᠷᠢ ᠶᠢᠨ ᠵᠢᠱᠢᠶᠡᠴᠢ ᠠᠴᠠ ᠰᠤᠷᠤᠯᠴᠠᠬᠤ᠂ | ᠬᠥᠳᠡᠯᠮᠦᠷᠢ ᠶᠢᠨ ᠵᠢᠱᠢᠶᠡᠴᠢ ᠪᠣᠯᠬᠤ ᠪᠠᠷ ᠴᠢᠷᠮᠠᠶᠢᠬᠤ᠂ ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠨ ᠬᠠᠶᠢᠷᠠᠯᠠᠬᠤ | ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠶᠢ ᠰᠠᠶᠢᠨ | ᠤᠬᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠰᠠᠶᠢᠨ ᠶᠠᠷᠢᠵᠤ᠂ ᠬᠥᠳᠡᠯᠮᠦᠷᠢ ᠶᠢᠨ ᠵᠢᠱᠢᠶᠡᠴᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠬᠥᠳᠡᠯᠮᠦᠷᠢ ᠬᠠᠮᠤᠭ ᠠᠴᠠ ᠥᠩᠭᠡ ᠬᠡᠷᠡᠯᠲᠡᠢ ᠨᠡᠶᠢᠭᠡᠮ ᠤᠨ | ᠰᠢᠨ᠎ᠡ ᠬᠡᠪ ᠰᠤᠷᠲᠠᠯ ᠢ ᠲᠥᠪ ᠬᠤᠲᠠ ᠳᠤ ᠶᠡᠬᠡᠪᠡᠷ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠵᠠᠯᠠᠭᠤᠴᠤᠳ | ᠪᠠᠭᠠᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠡᠯ᠎ᠡ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠳᠣᠬᠠᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠥᠵᠢᠯ ᠲᠠᠢ ᠤᠶᠠᠯᠳᠤᠭᠤᠯᠤᠨ᠂ | ᠵᠠᠯᠠᠭᠤᠴᠤᠳ ᠪᠠᠭᠠᠴᠤᠳ ᠢ ᠬᠥᠲᠥᠯᠦᠨ ᠵᠥᠪ ᠡᠬᠡ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ ᠲᠠᠢ ᠪᠣᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ | ᠴᠢᠭᠢᠷᠠᠭ ᠢᠶᠠᠷ ᠦᠰᠦᠨ ᠪᠣᠶᠢᠵᠢᠬᠤ ᠳᠤ ᠠᠰᠢᠭᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ | ᠪᠣᠯᠭᠠᠨ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠪᠠᠶᠢᠩᠭᠤ ᠬᠢᠵᠦ ᠪᠠᠶᠢᠩᠭᠤ ᠰᠢᠨᠡᠳᠬᠡᠬᠦ ᠬᠡᠷᠡᠭᠲᠡᠢ ᠭᠡᠵᠡᠢ᠃ | | ᠬᠤᠷᠠᠯ ᠠᠴᠠ ᠪᠦᠬᠦ ᠤᠯᠤᠰ ᠤᠨ ᠣᠶᠣᠨ ᠤ ᠪᠣᠯᠪᠠᠰᠤᠨ ᠤ ᠪᠠᠶᠢᠭᠤᠯᠤᠯᠲᠠ ᠶᠢᠨ ᠰᠠᠶᠢᠰᠢᠶᠠᠨ ᠬᠦᠬᠢᠭᠦᠯᠬᠦ | ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ ᠵᠢᠭᠠᠭᠰᠠᠨ ᠨᠢ᠂ ᠣᠶᠣᠨ ᠤ ᠪᠣᠯᠪᠠᠰᠤᠨ ᠢ ᠪᠠᠶᠢᠭᠤᠯᠬᠤ ᠠᠵᠢᠯ ᠨᠢ ᠪᠦᠬᠦ ᠬᠤᠲᠠ ᠶᠢᠨ | ᠬᠥᠭᠵᠢᠯᠲᠡ ᠶᠢᠨ ᠣᠷᠴᠢᠨ ᠲᠣᠭᠤᠷᠢᠨ᠂ ᠬᠥᠭᠵᠢᠯᠲᠡ ᠶᠢᠨ ᠳᠠᠯᠳᠠ ᠬᠦᠴᠦᠨ᠂ ᠬᠥᠭᠵᠢᠯᠲᠡ ᠶᠢᠨ ᠢᠲᠡᠭᠡᠯ ᠳᠤ | ᠬᠤᠯᠪᠣᠭᠳᠠᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠶᠣᠨ ᠤ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠣᠳᠣᠬᠢᠴᠢᠯᠠᠭᠰᠠᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠴᠢᠬᠤᠯᠠ | ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠳᠦ ᠪᠠᠨ ᠵᠠᠭᠤᠨ ᠡᠷᠡᠯᠬᠡᠭᠯᠡᠨ ᠲᠡᠮᠡᠴᠡᠵᠦ᠂ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ᠂ ᠲᠥᠪ ᠤᠨ ᠮᠠᠨ ᠤ ᠣᠷᠣᠨ ᠳᠤ ᠰᠠᠭᠤᠭ᠎ᠠ ᠪᠠᠶᠢᠭᠤᠯᠭ᠎ᠠ᠂ ᠥᠪᠡᠷᠲᠡᠭᠡᠨ | ᠵᠠᠰᠠᠬᠤ ᠣᠷᠣᠨ ᠤ ᠡᠯ᠎ᠡ ᠪᠠᠶᠢᠭᠤᠯᠭ᠎ᠠ ᠵᠢᠴᠢ ᠪᠦᠬᠦ ᠬᠤᠲᠠ ᠶᠢᠨ ᠠᠷᠠᠳ ᠲᠦᠮᠡᠨ ᠢ ᠵᠣᠬᠢᠶᠠᠨ ᠪᠠᠶᠢᠭᠤᠯᠤᠨ | ᠳᠠᠶᠢᠴᠢᠯᠠᠵᠤ᠂ ᠣᠶᠣᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠬᠥᠮᠥᠨ | ᠪᠦᠬᠦᠨ ᠣᠷᠣᠯᠴᠠᠨ ᠪᠦᠭᠦᠳᠡᠭᠡᠷ ᠪᠦᠲᠦᠭᠡᠨ ᠪᠠᠶᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠶᠣᠨ ᠤ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢ ᠢᠷᠡᠬᠦ ᠵᠢᠯ ᠤᠨ ᠠᠵᠢᠯ ᠤᠨ ᠭᠤᠣᠯ ᠵᠥᠪᠯᠡᠬᠦ ᠵᠦᠢᠯ ᠤᠨ ᠳᠠᠷᠠᠭᠠᠯᠠᠯ ᠳᠤ ᠣᠷᠣᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠣᠶᠣᠨ ᠤ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ ᠨᠢᠭᠡ ᠤᠳᠠᠭ᠎ᠠ ᠶᠢᠨ ᠣᠶᠣᠨ ᠤ ᠪᠣᠯᠪᠠᠰᠤᠨ ᠤ | ᠪᠦᠲᠦᠭᠡᠨ ᠪᠠᠶᠢᠭᠤᠯᠤᠯᠲᠠ ᠳᠡᠭᠡᠷ᠎ᠡ ᠡᠷᠭᠢᠯᠲᠡ ᠭᠠᠷᠭᠠᠬᠤ ᠳᠠᠶᠢᠯᠠᠯᠳᠤᠭᠠᠨ ᠢ ᠴᠢᠷᠮᠠᠶᠢᠨ ᠰᠠᠶᠢᠨ ᠬᠢᠬᠦ ᠬᠡᠷᠡᠭᠲᠡᠢ ᠭᠡᠵᠡᠢ᠃ | | ᠬᠤᠷᠠᠯ ᠠᠴᠠ 11 ᠳ᠋ᠦ᠋ᠭᠡᠷ ᠰᠠᠷ᠎ᠠ ᠶᠢᠨ 22 ᠤᠨ ᠡᠳᠦᠷ ᠤᠨ ᠪᠦᠬᠦ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠳᠤ ᠶᠠᠭ ᠬᠠᠯᠳᠠᠪᠤᠷᠢᠲᠤ ᠲᠠᠭᠰᠢᠭᠤᠷ ᠵᠡᠷᠭᠡ ᠬᠠᠯᠳᠠᠪᠤᠷᠢᠲᠤ | ᠡᠪᠡᠳᠴᠢᠨ ᠣᠯᠠᠨ ᠡᠭᠦᠰᠬᠦ ᠤᠯᠠᠷᠢᠯ ᠳᠤ ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠡᠷᠬᠡᠪᠰᠢ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠤᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠠᠭᠠᠷᠳᠠᠯᠭ᠎ᠠ ᠪᠠ ᠪᠦᠬᠦ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠣᠨᠴᠠᠭᠠᠶᠢᠯᠠᠨ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠡᠷᠡᠰ ᠴᠢᠩᠭ᠎ᠠ ᠨᠠᠶᠢᠳᠠᠪᠤᠷᠢᠵᠢᠭᠤᠯᠤᠨ᠂ ᠴᠠᠭ | ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠲᠣᠬᠢᠷᠠᠭᠤᠯᠤᠯᠲᠠ ᠪᠠᠨ ᠴᠢᠩᠭᠠᠳᠬᠠᠨ᠂ ᠴᠢᠩᠭ᠎ᠠ ᠰᠢᠮᠳᠠᠭᠤᠯᠤᠨ ᠵᠢᠯᠣᠭᠤᠳᠴᠤ᠂ | ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠱᠤᠭᠤᠮ ᠢ ᠦᠨᠡᠨᠬᠦ | ᠪᠠᠲᠤᠳᠬᠠᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠵᠠᠢ᠃ ︵ᠯᠢ ᠬᠠᠢ ᠵᠧᠨ︶ |